ᠦᠪᠡᠷᠳᠡᠭᠡᠨ ᠵᠠᠰᠠᠬᠤ ᠤᠷᠤᠨ ︵ᠮᠤᠵᠢ︶ ᠤ ᠳᠡᠰ ᠠᠴᠠ ᠳᠡᠭᠡᠭᠰᠢᠬᠢ ᠲᠡᠷᠢᠬᠦᠨ ᠤ ᠬᠤᠪᠢ ᠬᠦᠮᠦᠨ  ︵ᠲᠠᠪᠤ︶
ᠨᠡᠶᠢᠲᠡᠯᠡᠭᠰᠡᠨ ᠴᠠᠭ᠄
2020/10/28
   ᠪᠠᠶᠠᠷ ︵1940 —︶ ᠮᠠᠨᠵᠤ ᠦᠨᠳᠦᠰᠦᠲᠡᠨ᠂ ᠮᠠᠨᠵᠤᠲ᠋ᠤᠨ ᠤ ᠮᠠᠨᠵᠤ ᠦᠨᠳᠦᠰᠦᠲᠡᠨ ᠤ ᠰᠢᠶᠠᠩ ᠤᠨ ᠮᠠᠨᠲᠤᠯᠲᠤ ᠭᠠᠴᠠᠭ᠎ᠠ ᠶᠢᠨ ᠬᠦᠮᠦᠨ᠃ ᠮᠠᠨᠲᠤᠯᠲᠤ ᠭᠠᠴᠠᠭ᠎ᠠ ᠶᠢᠨ ᠡᠪᠯᠡᠯ ᠤᠨ ᠡᠭᠦᠷ ᠤᠨ ᠱᠦᠵᠢ᠂ ᠨᠠᠮ ᠤᠨ ᠡᠭᠦᠷ ᠤᠨ ᠱᠦᠵᠢ᠂ ᠰᠢᠶᠠᠩ ᠤᠨ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ᠂ ᠰᠢᠶᠠᠩ ᠤᠨ ᠳᠡᠳ᠋ ᠳᠠᠷᠤᠭ᠎ᠠ᠂ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠵᠡᠷᠭᠡ ᠲᠤᠰᠢᠶᠠᠯ ᠢ ᠡᠭᠦᠷᠭᠡᠯᠡᠵᠦ ᠥᠩᠭᠡᠷᠡᠵᠡᠢ᠃ ᠪᠠᠶᠠᠷ ᠨᠥᠬᠦᠷ ᠮᠠᠨᠲᠤᠯᠲᠤ ᠭᠠᠴᠠᠭ᠎ᠠ ᠶᠢᠨ ᠡᠪᠯᠡᠯ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭ᠎ᠠ ᠬᠤᠭᠤᠴᠠᠭᠠᠨ ᠳᠤ᠂ ᠪᠦᠬᠦ ᠭᠠᠴᠠᠭᠠᠨ ᠤ ᠵᠠᠯᠠᠭᠤᠴᠤᠳ ᠢ ᠵᠣᠬᠢᠶᠠᠨ ᠪᠠᠶᠢᠭᠤᠯᠵᠤ᠂ ᠴᠢᠷᠮᠠᠶᠢᠨ ᠠᠵᠢᠯᠯᠠᠵᠤ᠂  ᠨᠡᠬᠦᠳᠡᠯᠯᠡᠬᠦ ᠮᠠᠶ᠋ᠢᠭ ᠢᠶᠠᠷ ᠡᠪᠦᠯ ᠬᠠᠪᠤᠷ ᠢ ᠦᠩᠬᠡᠷᠡᠭᠦᠯᠭᠦ ᠤᠯᠠᠮᠵᠢᠯᠠᠯᠲᠤ ᠮᠠᠯ ᠠᠵᠤ ᠠᠬᠤᠢ ᠶᠢᠨ ᠬᠤᠴᠣᠷᠤᠩᠭᠤᠢ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠶᠡᠭᠡ ᠬᠡᠮᠵᠢᠶᠡᠨ ᠤ ᠲᠣᠭᠲᠠᠮᠠᠯ ᠣᠷᠣᠨ ᠰᠠᠭᠤᠴᠠ ᠶᠢ ᠪᠠᠶᠢᠭᠤᠯᠵᠤ᠂ ᠮᠠᠯ ᠤᠨ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ 1961 ᠤᠨ ᠳᠤ ᠂ ᠪᠠᠶᠠᠷ ᠨᠥᠬᠦᠷ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠵᠠᠯᠠᠭᠤᠴᠤᠳ ᠤᠨ ᠭᠠᠪᠰᠢᠭᠠᠶᠢᠯᠠᠭᠴᠢ︾ ᠪᠠᠷ ᠦᠨᠡᠯᠡᠭᠳᠡᠵᠦ᠂ ᠲᠤᠰ ᠵᠢᠯ ᠪᠡᠭᠡᠵᠢᠩ ᠳᠤ ᠬᠦᠷᠴᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠵᠦ᠂ ᠮᠠᠤ ᠽᠧ ᠳ᠋ᠦᠩ᠂ ᠵᠧᠤ ᠧᠨ ᠯᠠᠶ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠦᠰ ᠤᠨ ᠠᠭᠤᠯᠵᠠᠯᠲᠠ ᠶᠢ ᠬᠦᠯᠢᠶᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号