ᠡᠮᠦᠨᠡᠳᠦ ᠬᠤᠰᠢᠭᠤ ︽ᠡᠭᠦᠯᠡᠨ︾ ᠳᠠᠪᠴᠠᠩ ᠲᠡᠭᠡᠷ᠎ᠠ ᠳᠠᠷᠢᠶᠠᠯᠠᠩ ᠤᠨ ᠪᠦᠳᠦᠭᠡᠭᠳᠡᠭᠦᠨ ᠢᠶᠠᠨ ᠪᠤᠷᠤᠯᠠᠭᠤᠯᠵᠦ ᠦᠯᠡᠮᠵᠢ ᠤᠷᠤᠯᠭ᠎ᠠ ᠡᠭᠦᠳᠴᠦ ᠪᠤᠢ
ᠨᠡᠶᠢᠲᠡᠯᠡᠭᠰᠡᠨ ᠴᠠᠭ᠄
2020/10/29
    ᠣᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠢᠨᠲ᠋ᠧᠷ ᠰᠦᠯᠵᠢᠶᠡᠨ ᠤ ᠬᠦᠭᠵᠢᠯᠳᠡ ᠶᠢ ᠠᠬᠢᠭᠤᠯᠵᠦ᠂ ᠣᠨᠴᠠᠯᠢᠭᠲᠤ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠠᠷᠦᠯᠳᠠ ᠪᠠᠨ ᠰᠦᠯᠵᠢᠶᠡᠨ ᠲᠡᠭᠡᠷ᠎ᠠ ᠰᠢᠭᠤᠳ ᠪᠤᠷᠤᠯᠠᠭᠤᠯᠬᠤ᠂ ᠰᠦᠯᠵᠢᠶᠡᠨ ᠲᠡᠭᠡᠷᠡᠭᠢ ᠵᠠᠬᠢᠶᠠᠯᠠᠭ᠎ᠠ ᠶᠢᠨ ᠬᠠᠭᠤᠳᠠᠰᠤ ᠶᠢ ᠲᠦᠷᠭᠡᠨ ᠭᠤᠪᠢᠭᠤᠯᠬᠤ᠂ ᠰᠦᠯᠵᠢᠶᠡᠨ ᠳᠡᠭᠡᠷᠡᠬᠢ ᠯᠠᠪᠯᠠᠯᠲᠠ ᠳᠤ ᠳᠦᠷᠭᠡᠨ ᠬᠠᠷᠢᠭᠤᠯᠳᠠ ᠦᠭᠬᠦ᠂ ᠰᠦᠯᠵᠢᠶᠡᠨ ᠳᠡᠭᠡᠷ᠎ᠠ ᠶᠠᠳᠠᠭᠤ ᠬᠦᠴᠢᠷᠳᠡᠯ ᠲᠠᠢ ᠬᠦᠳᠡᠯᠮᠦᠷᠢ ᠬᠦᠴᠤᠨ ᠳᠤ ᠪᠤᠯᠪᠠᠰᠤᠷᠠᠯ ᠬᠦᠷᠳᠡᠭᠡᠬᠦ ᠵᠡᠷᠭᠡ ᠠᠷᠭ᠎ᠠ ᠪᠠᠷ ᠬᠦᠳᠡᠭᠡ ᠲᠤᠰᠬᠤᠨ ᠮᠠᠯᠵᠢᠬᠤ ᠤᠷᠤᠨ ᠤ ᠬᠦᠭᠵᠢᠯᠳᠡ ᠳᠤ ᠰᠢᠨ᠎ᠡ ᠰᠡᠳᠬᠢᠴᠡ᠂ ᠰᠢᠨ᠎ᠡ ᠠᠷᠭ᠎ᠠ ᠵᠠᠮ ᠨᠡᠭᠡᠭᠡᠨ ᠦᠭᠴᠦ ᠪᠤᠢ᠃     ᠲᠤᠰ ᠬᠤᠰᠢᠭᠤ ᠪᠠᠰᠠ ᠬᠤᠰᠢᠭᠤᠨ ᠳᠠᠷᠤᠭ᠎ᠠ ︽ᠰᠦᠯᠵᠢᠶᠡᠨ ᠨᠡᠪᠲᠡᠷᠡᠭᠦᠯᠭᠡ︾ ᠬᠢᠵᠦ᠂ ᠲᠣᠰᠬᠤᠨ ᠳᠤ ᠰᠠᠭᠤᠭ᠎ᠠ ᠺᠠᠳ᠋ᠷ ︽ᠰᠦᠯᠵᠢᠶᠡᠨ ᠤᠳᠤᠨ︾ ᠪᠤᠯᠬᠤ ᠪᠠᠷ ᠲᠠᠮᠵᠢᠨ ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠲᠠᠷᠢᠶᠠᠯᠠᠩ ᠤᠨ ᠣᠨᠴᠠ ᠭᠠᠷᠤᠯᠲᠠ ᠪᠠᠨ ᠭᠠᠳᠠᠬᠰᠢ ᠲᠠᠨᠢᠯᠴᠠᠭᠤᠯᠵᠤ᠂ ᠮᠠᠯᠴᠢᠨ ᠳᠠᠷᠢᠶᠠᠴᠢᠳ ᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠᠨ ᠪᠤᠷᠤᠯᠠᠭᠤᠯᠬᠤ ᠰᠢᠨ᠎ᠠ ᠠᠷᠭ᠎ᠠ ᠵᠠᠮ ᠰᠦᠪᠡᠭᠴᠢᠯᠡᠨ ᠦᠭᠴᠦ ᠪᠠᠶᠢᠨ᠎ᠠ᠃     ᠯᠢᠦᠢ ᠱᠦᠢ ᠦᠷ᠎ᠠ ᠶᠢᠨ ᠮᠠᠯ ᠤᠨ ᠲᠠᠯᠠᠪᠠᠢ᠂ ᠤᠯᠠᠭᠠᠨᠮᠤᠳᠦ ᠰᠤᠮᠤ᠂ ᠵᠢᠷᠦᠬᠡᠨ ᠪᠠᠯᠭᠠᠰᠤ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠦᠵᠡᠮᠦᠷᠢ ᠶᠢᠨ ᠤᠷᠤᠨ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠵᠠᠩᠰᠢᠯ ᠂ ᠬᠥᠮᠦᠨ ᠰᠣᠶᠣᠯ ᠤᠨ ᠡᠬᠢ ᠪᠠᠶᠠᠯᠢᠭ ᠢᠶᠠᠨ ᠲᠣᠭᠠᠴᠠᠯᠠᠭᠰᠠᠨ ᠠᠵᠤ ᠠᠬᠤᠶ ᠲᠠᠢ ᠠᠭᠤᠰᠤᠯᠴᠠᠭᠤᠯᠵᠦ᠂ ᠣᠳᠣᠬᠠᠨ ᠪᠣᠯᠲᠠᠯ᠎ᠠ᠂ 229 ᠭᠠᠴᠠᠭ᠎ᠠ ᠲᠣᠰᠬᠤᠨ ᠳᠤ ᠡᠯᠧᠺᠲᠷᠤᠨ ᠬᠤᠳᠠᠯᠳᠤᠭᠠᠨ ᠤ ᠲᠠᠪᠴᠠᠩ ᠪᠠᠶᠢᠭᠤᠯᠵᠤ᠂ ᠲᠦᠷᠭᠡᠨ ᠬᠦᠷᠭᠡᠯᠲᠡ ᠶᠢᠨ ᠨᠣᠷᠮ᠎ᠠ ᠶᠢ 100% ᠳᠤ ᠬᠦᠷᠭᠡᠵᠠᠢ᠃ ᠲᠤᠰ ᠬᠤᠰᠢᠭᠤ ᠪᠠᠰᠠ ᠪᠠᠢ ᠯᠢᠩ ᠨᠢᠶᠤᠤ ᠬᠤᠳᠠᠯᠳᠤᠭᠠᠨ ᠤ ᠬᠤᠲᠠ᠂ ᠵᠢᠩ ᠳ᠋ᠦᠩ ᠶᠠᠳᠠᠭᠤ ᠶᠢ ᠲᠡᠳᠬᠦᠬᠦ ᠣᠷᠳᠣᠨ ᠵᠡᠷᠭᠡ ᠡᠯᠧᠺᠲᠷᠤᠨ ᠬᠤᠳᠠᠯᠳᠤᠭᠠᠨ ᠤ ᠲᠠᠪᠴᠠᠩ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 100 ᠭᠠᠷᠤᠶ ᠠᠵᠤ ᠠᠬᠤᠶᠢᠯᠠᠯ ᠪᠠ ᠬᠤᠷᠰᠢᠶᠠᠵᠢᠯ ᠤᠨ 1000 ᠭᠠᠷᠤᠶ ᠦᠢᠯᠡᠳᠬᠦᠨ ᠢ ᠳᠠᠪᠴᠠᠩ ᠳᠡᠭᠡᠷ᠎ᠠ ᠪᠠᠨ ᠪᠤᠷᠤᠯᠠᠭᠤᠯᠵᠦ᠂ ᠮᠧᠩ ᠵᠢᠶᠠ ᠠᠮᠤ ᠪᠤᠳᠠᠭ᠎ᠠ ᠢᠳᠡᠭᠡᠨ ᠤ ᠲᠣᠰᠣ᠂ ᠮᠧᠩ ᠯᠢᠶᠠᠩ ᠲᠤᠲᠤᠷᠭ᠎ᠠ᠂ ᠡᠯᠳᠡᠪ ᠠᠮᠤ᠂ ᠪᠧᠶ ᠹᠧᠩ ᠯᠢᠩ ᠭᠤᠯᠢᠷ᠂ ᠾᠧᠩ ᠵᠢᠶᠠ ᠵᠢᠮᠢᠰ ᠤᠨ ᠦᠢᠯᠡᠰ ᠤᠨ ᠠᠭᠠᠯᠢᠭ ᠠᠯᠢᠮ᠎ᠠ ᠶᠢᠨ ᠬᠠᠲᠠᠭᠠᠮᠠᠯ᠂ ᠳᠡᠮᠡᠭᠡᠨ ᠭᠤᠤᠯ ᠣᠷᠭᠠᠨᠢᠭ ᠬᠤᠨᠢᠨ ᠮᠢᠬ᠎ᠠ ᠵᠡᠷᠭᠡ 10 ᠭᠠᠷᠤᠶ ᠪᠣᠬᠢᠷᠲᠤᠯ ᠥᠬᠡᠶ ᠣᠷᠭᠠᠨᠢᠭ ᠪᠦᠳᠦᠭᠡᠭᠳᠡᠭᠦᠨ ᠢᠶᠠᠨ ᠪᠡᠭᠡᠵᠢᠩ ᠤᠨ ᠶᠢᠨ ᠰᠢᠤ ᠳ᠋ᠠ ᠳ᠋ᠢ ᠵᠡᠷᠭᠡ ᠲᠣᠮᠣ ᠳᠡᠯᠭᠡᠭᠦᠷ ᠲᠤ ᠪᠤᠷᠤᠯᠠᠭᠤᠯᠵᠦ ᠪᠤᠢ᠃ ᠲᠤᠰ ᠬᠤᠰᠢᠭᠤ ᠪᠠᠰᠠ ᠤᠯᠠᠮᠵᠢᠯᠠᠯᠲᠤ ᠪᠣᠯᠪᠠᠰᠤᠷᠠᠭᠤᠯᠬᠤ ᠠᠵᠤ ᠠᠬᠤᠶᠢᠯᠠᠯ᠂ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠬᠡᠯᠪᠡᠷᠢ ᠶᠢ ᠢᠳᠡᠪᠬᠢᠳᠠᠢ ᠬᠤᠪᠢᠷᠠᠭᠤᠯᠵᠦ᠂ ᠰᠦᠯᠵᠢᠶ᠎ᠠ ᠪᠠᠷ ᠲᠠᠮᠵᠢᠨ 254.65 ᠲᠦᠮᠡᠨ ᠲᠥᠭᠦᠷᠢᠭ ᠤᠨ ᠤᠷᠤᠯᠭ᠎ᠠ ᠡᠭᠦᠳᠴᠠᠢ᠃ ᠮᠦᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠᠷ ᠳᠠᠮᠵᠢᠨ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠪᠠᠨ 2002.82 ᠲᠦᠮᠡᠨ ᠲᠥᠭᠦᠷᠢᠭ ᠪᠣᠷᠣᠯᠠᠭᠤᠯᠵᠤ᠂ ᠨᠡᠶᠢᠳᠡ 734 ᠶᠠᠳᠠᠭᠤ ᠬᠦᠴᠢᠷᠳᠡᠯ ᠲᠠᠢ ᠬᠦᠮᠦᠨ ᠳᠤ ᠠᠵᠢᠯ ᠤᠯᠭᠤᠵᠠᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号