︽ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠭᠦᠨ ᠠᠭᠤᠯᠠ ᠤᠰᠤ ᠮᠦᠨ︾ ᠭᠡᠬᠦ | ᠤᠨᠤᠯᠵᠢᠬᠤᠨ ᠢ ᠪᠠᠷᠢᠮᠳᠠᠯᠠᠵᠦ ᠮᠠᠨ ᠤ ᠠᠶᠢᠮᠠᠬ ᠨᠤᠳᠤᠭ ᠤᠰᠤᠨ ᠤ ᠪᠠᠨ ᠨᠤᠮᠢᠨ ᠨᠤᠭᠤᠭᠠᠨ ᠦᠩᠭᠡ ᠶᠢ ᠪᠠᠳᠤᠯᠠᠵᠦ | ᠠᠷᠠᠳ ᠤᠯᠠᠨ ᠳᠤ ᠪᠠᠨ ᠠᠵᠠ ᠵᠢᠷᠭᠠᠯ ᠡᠳ᠋ᠯᠡᠭᠦᠯᠵᠦ ᠪᠠᠶᠢᠨ᠎ᠠ | ᠦᠢᠷ᠎ᠡ ᠶᠢᠨ ᠵᠢᠯ ᠠᠴᠠ ᠨᠠᠭᠠᠰᠢ᠂ ᠮᠠᠨ ᠤ ᠠᠶᠢᠮᠠᠭ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠶᠡᠬᠡᠪᠡᠷ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠲᠣᠪᠤᠶᠢᠮ᠎ᠠ | ᠠᠰᠠᠭᠤᠳᠠᠯ᠂ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠬᠡ ᠣᠭᠲᠠᠷᠭᠤᠶ ᠶᠢ ᠬᠠᠮᠠᠭᠠᠯᠠᠬᠤ | ᠳᠠᠶᠢᠯᠠᠯᠳᠤᠭᠠᠨ᠂ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ᠂ ᠠᠷᠢᠭᠤᠨ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ | ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠬᠰᠠᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠠᠶᠢᠮᠠᠭ︾ ᠪᠣᠯᠵᠣ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠠᠰᠤᠷᠤ ᠠᠮᠵᠢᠯᠳᠠ | ᠤᠯᠪᠠ᠃ | ᠦᠢᠷ᠎ᠡ ᠶᠢᠨ ᠵᠢᠯ ᠳᠤ᠂ ᠮᠠᠨ ᠤ ᠠᠶᠢᠮᠠᠭ ︽ᠬᠢᠩᠭᠠᠨ ᠠᠶᠢᠮᠠᠭ ᠤᠨ ᠠᠭᠠᠷ ᠮᠠᠨᠳᠠᠯ ᠤᠨ ᠤᠰᠦ ᠬᠥᠷᠥᠰᠥᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ︵2018 — 2020 ᠤᠨ︶ ᠤᠨ | ᠠᠵᠢᠯᠯᠠᠭᠠᠨ ᠤ ᠲᠥᠯᠥᠪᠯᠡᠭᠡ︾ ᠪᠣᠯᠤᠨ ︽ᠬᠢᠩᠭᠠᠨ ᠠᠶᠢᠮᠠᠭ ᠤᠨ ᠠᠭᠠᠷ ᠮᠠᠨᠳᠠᠯ ᠤᠨ ᠤᠰᠤ ᠬᠥᠷᠥᠰᠥᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠣᠨ ᠤ ᠬᠡᠷᠡᠭᠵᠢᠭᠦᠯᠬᠦ ᠲᠥᠰᠦᠯ︾ ᠢ ᠲᠣᠭᠲᠠᠭᠠᠨ | ᠬᠡᠷᠡᠭᠵᠢᠭᠦᠯᠵᠦ᠂ ᠠᠷᠭ᠎ᠠ ᠬᠡᠮᠵᠢᠶ᠎ᠡ ᠪᠠᠨ ᠪᠤᠳᠠᠳᠠᠶᠢᠵᠢᠭᠤᠯᠤᠨ᠂ ᠠᠵᠤ ᠦᠶ᠋ᠯᠡᠳᠪᠦᠷᠢ ᠶᠢᠨ ᠡᠬᠢ ᠰᠤᠷᠪᠤᠯᠵᠢ᠂ | ᠲᠠᠷᠢᠶᠠᠯᠠᠩ ᠤᠨ ᠡᠬᠢ ᠰᠤᠷᠪᠤᠯᠵᠢ᠂ ᠠᠮᠢᠳᠤᠷᠠᠯ ᠤᠨ ᠡᠬᠢ ᠰᠤᠷᠪᠤᠯᠵᠢ᠂ ᠰᠢᠯᠵᠢᠮᠡᠯ ᠡᠬᠢ ᠰᠤᠷᠪᠤᠯᠵᠢ ᠵᠡᠷᠭᠡ ᠪᠦᠬᠦ | ᠬᠦᠷᠢᠶ᠎ᠡ ᠴᠠᠷᠠᠭ᠎ᠠ ᠳᠠᠬᠢ ᠵᠠᠰᠠᠯᠳᠠ ᠪᠠᠨ ᠴᠢᠩᠭᠠᠳᠬᠠᠪᠠ᠃ ᠬᠡᠭᠦ ᠳᠤ ᠪᠠᠨ ᠣᠷᠴᠢᠨ ᠲᠣᠭᠤᠷᠢᠨ ᠤ ᠵᠠᠰᠠᠯᠲᠠ ᠶᠢᠨ | ᠲᠥᠷᠥᠯ ᠵᠦᠢᠯ ᠢ ᠨᠡᠶᠢᠳᠡ 302 ᠬᠡᠷᠡᠭᠵᠢᠭᠦᠯᠵᠦ᠂ ᠣᠳᠣᠬᠠᠨ ᠪᠣᠯᠲᠠᠯ᠎ᠠ ᠨᠢᠭᠡᠨᠲᠡ 283 ᠲᠦᠷᠦᠯ ᠵᠦᠢᠯ ᠢ | ᠪᠡᠶᠡᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠡᠭᠦᠷᠭᠡ ᠶᠢᠨ ᠢᠶᠠᠨ | 93.7% ᠶᠢ ᠪᠡᠶᠡᠯᠡᠭᠦᠯᠵᠡᠢ᠃ | — ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠵᠦ᠂ ᠴᠡᠪᠡᠷ ᠠᠭᠠᠷ ᠲᠠᠢ ᠡᠳᠦᠷ ᠤᠨ ᠳᠤᠭ᠎ᠠ ᠶᠢ | ᠵᠢᠯ ᠳᠠᠷᠠᠭᠠᠯᠠᠨ 97% ᠠᠴᠠ ᠳᠡᠭᠡᠭᠰᠢ ᠳᠤ ᠬᠦᠷᠭᠡᠪᠡ᠃ ᠤᠢᠢᠷ᠎ᠠ ᠶᠢᠨ ᠵᠢᠯ ᠤᠨ ᠳᠤᠷᠰᠢ᠂ ᠮᠠᠨ ᠤ ᠠᠶᠢᠮᠠᠭ ᠤᠨ | ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ︽ᠬᠢᠩᠭᠠᠨ ᠤ ᠬᠥᠬᠡ ᠦᠡᠭᠭᠡ︾ | ᠶᠢᠨ ᠬᠡᠪ ᠤᠨ ᠪᠠᠶᠢᠳᠠᠯ ᠢ ᠪᠠᠲᠤᠯᠠᠵᠤ᠂ ᠬᠦᠭᠡ ᠣᠭᠲᠠᠷᠭᠤᠢ ᠶᠢᠨ ᠳᠤᠤᠷ᠎ᠠ ᠠᠮᠢᠳᠤᠷᠠᠬᠤ ᠠᠷᠠᠳ ᠤᠯᠠᠨ ᠤ ᠵᠣᠯ | ᠵᠢᠷᠭᠠᠯ ᠤᠨ ᠬᠦᠷᠳᠡᠮᠵᠢ ᠶᠢ ᠮᠡᠳᠡᠭᠳᠡᠮ᠎ᠡ ᠳᠡᠭᠡᠭᠰᠢᠯᠡᠭᠦᠯᠪᠡ᠃ ᠮᠠᠨ ᠤ ᠠᠶᠢᠮᠠᠬ ᠠᠵᠤ ᠦᠢᠯᠡᠳᠪᠦᠷᠢ᠂ ᠲᠦᠯᠡᠰᠢᠨ | ᠨᠡᠭᠦᠷᠡᠰᠦ᠂ ᠮᠠᠰᠢᠨ ᠲᠡᠷᠭᠡ ᠵᠡᠷᠭᠡ ᠭᠤᠷᠪᠠᠨ ᠶᠡᠭᠡ ᠪᠣᠬᠢᠷᠲᠤᠯ ᠤᠨ ᠡᠬᠢ ᠶᠢ ᠵᠠᠰᠠᠬᠤ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠨᠠᠮᠤᠷ ᠡᠪᠦᠯ ᠤᠨ ᠠᠭᠠᠷ ᠮᠠᠨᠳᠠᠯ ᠤᠨ ᠪᠣᠬᠢᠷᠲᠤᠯ ᠢ ᠰᠠᠶᠢᠳᠤᠷ ᠰᠡᠷᠭᠡᠶᠢᠯᠡᠨ ᠵᠠᠰᠠᠵᠦ᠂ | ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠭᠰᠠᠨ ᠠᠵᠤ ᠠᠬᠤᠶᠢᠯᠠᠯ᠂ ᠲᠠᠷᠠᠬᠠᠶ ᠪᠤᠲᠠᠷᠬᠠᠶ ᠨᠡᠭᠦᠷᠡᠰᠦ | ᠰᠢᠲᠠᠭᠠᠬᠤ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ ᠬᠤᠲᠠ ᠶᠢᠨ ᠳᠤᠳᠤᠷᠠᠬᠢ ᠨᠡᠭᠦᠷᠡᠰᠦ ᠰᠢᠲᠠᠭᠠᠬᠤ | ᠵᠢᠵᠢᠭ ᠭᠦᠸᠧᠯᠦ ᠶᠢ ᠪᠦᠬᠦᠨ ᠢ ᠵᠤᠬᠰᠤᠭᠠᠨ᠂ ᠬᠤᠬ ᠲᠣᠭᠤᠰᠣᠨ ᠤ ᠪᠣᠬᠢᠷᠲᠤᠯ ᠤᠨ ᠡᠬᠢ ᠶᠢ ᠲᠠᠰᠤᠯᠪᠠ᠃ | ᠪᠣᠯᠣᠳ ᠲᠡᠮᠦᠷ᠂ ᠢᠯᠴᠢ ᠴᠠᠬᠢᠯᠭᠠᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠤᠨ᠂ 30 ᠲᠦᠮᠡᠨ ᠺᠢᠯᠣᠸᠠᠲ ᠠᠴᠠ | ᠳᠡᠭᠡᠭᠰᠢᠬᠢ ᠢᠯᠴᠢ ᠴᠠᠬᠢᠯᠭᠠᠨ ᠤ ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠮᠠᠰᠢᠨ ᠤ ᠬᠡᠲᠦ ᠳᠣᠤᠷ᠎ᠠ | ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠦᠬᠦᠨ ᠢᠶᠠᠷ ᠨᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠮᠠᠨ ᠤ ᠠᠶᠢᠮᠠᠭ | ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ 166 ᠵᠤᠬᠰᠤᠭᠠᠨ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ | ᠲᠡᠷᠭᠡ ᠶᠢ ᠨᠡᠶᠢᠳᠡ 167 ᠠᠰᠢᠭᠯᠠᠯᠲᠠ ᠳᠤ ᠣᠷᠣᠭᠤᠯᠵᠤ᠂ 8468 ᠳᠥᠭᠦᠮ ᠪᠦᠳᠦᠴᠡᠳᠦ ᠣᠷᠣᠨ | ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠳᠠᠭᠤᠰᠬᠠᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ 85% ᠠᠴᠠ ᠳᠡᠭᠡᠭᠰᠢ ᠳᠤ ᠬᠦᠷᠭᠡᠵᠠᠢ᠃ 2016 ᠤᠨ ᠠᠴᠠ ᠨᠠᠭᠠᠰᠢ᠂ ᠭᠤᠤᠯ ᠬᠤᠲᠠ ᠶᠢᠨ | ᠲᠣᠭᠤᠷᠢᠭ ᠤᠨ ᠪᠥᠬᠦ ᠵᠢᠯ ᠤᠨ ᠴᠡᠪᠡᠷ ᠠᠭᠠᠷ ᠲᠠᠢ ᠡᠳᠦᠷ ᠤᠨ ᠳᠤᠭ᠎ᠠ 97% ᠠᠴᠠ ᠳᠡᠭᠡᠭᠰᠢᠬᠢ ᠶᠢ ᠡᠵᠡᠯᠡᠪᠡ᠃ | — ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠵᠦ᠂ ᠬᠤᠲᠠ ᠶᠢᠨ ᠤᠤᠭᠤᠬᠤ ᠤᠰᠤᠨ ᠤ ᠴᠢᠨᠠᠷ ᠢ | 100 % ᠳᠤ ᠬᠦᠷᠭᠡᠵᠠᠢ᠃ ᠲᠩᠷᠢ ᠨᠢ ᠬᠦᠭᠡ᠂ ᠤᠰᠦ ᠨᠢ ᠳᠤᠩᠭᠠᠯᠠᠬ᠂ ᠳᠠᠯ᠎ᠠ ᠨᠢ ᠨᠤᠭᠤᠭᠠᠨ ᠪᠠᠶᠢᠬᠤ ᠪᠤᠯ | ᠠᠷᠠᠳ ᠤᠯᠠᠨ ᠤ ᠬᠠᠮᠳᠦ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦ᠋ᠳᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠃ ᠤᠢᠢᠷ᠎ᠠ ᠶᠢᠨ ᠵᠢᠯ ᠤᠨ ᠳᠤᠷᠰᠢ᠂ ᠮᠠᠨ ᠤ ᠠᠶᠢᠮᠠᠬ ᠠᠮᠢ | ᠠᠬᠤᠢ ᠤᠷᠴᠢᠨ ᠳᠤᠭᠤᠷᠢᠨ ᠤ ᠬᠦᠷᠢᠶ᠎ᠠ ᠴᠠᠷᠠᠭ᠎ᠠ ᠳᠠᠬᠢ ᠲᠣᠪᠤᠶᠢᠮ᠎ᠠ ᠠᠰᠠᠭᠤᠳᠠᠯ ᠪᠠ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠷᠠᠯᠲᠠ ᠶᠢ | ᠪᠡᠶᠡᠯᠡᠭᠦᠯᠬᠦ ᠶᠢᠨ ᠲᠣᠭᠤᠷᠢᠨ ᠳᠤ᠂ ︽ᠤᠰᠤᠨ ᠤ ᠠᠷᠪᠠᠨ ᠵᠤᠷᠪᠤᠰ︾ ᠢ ᠭᠦᠨᠵᠡᠭᠡᠶ ᠬᠡᠷᠡᠭᠵᠢᠭᠦᠯᠵᠦ᠂ ᠤᠰᠤᠨ ᠤ | ᠪᠣᠬᠢᠷᠲᠤᠯ ᠢ ᠵᠠᠰᠠᠬᠤ᠂ ᠤᠰᠤᠨ ᠤ ᠠᠮᠢ ᠠᠬᠤᠶ ᠶᠢ ᠰᠡᠷᠭᠦᠭᠡᠬᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ︽ | ᠭᠤᠷᠪᠠᠨ ᠤᠰᠤ ᠶᠢ ᠬᠠᠮᠲᠤᠪᠠᠷ ᠵᠠᠰᠠᠬᠤ︾ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠡᠷᠴᠢᠮ ᠢᠶᠠᠨ | ᠴᠢᠩᠭᠠᠷᠠᠭᠤᠯᠤᠨ᠂ ᠪᠣᠵᠠᠷ ᠤᠰᠤ ᠶᠢ ᠰᠢᠢᠳᠪᠦᠷᠢᠯᠡᠬᠦ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ | ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ᠂ ᠪᠠᠷᠢᠮᠵᠢᠶ᠎ᠠ ᠳᠤ ᠥᠯᠥ ᠬᠥᠷᠬᠦ ᠤᠰᠤᠨ ᠤ | ᠴᠣᠭᠴᠠ ᠶᠢᠨ ᠵᠠᠰᠠᠯᠲᠠ ᠵᠡᠷᠭᠡ ᠶᠢ ᠠᠬᠢᠭᠤᠯᠵᠦ᠂ ᠭᠤᠤᠯ ᠪᠣᠯᠬᠤ ᠭᠤᠤᠯ ᠮᠥᠷᠡᠨ ᠪᠣᠯᠤᠨ ᠬᠤᠲᠠ ᠶᠢᠨ ᠤᠤᠭᠤᠬᠤ | ᠤᠰᠤᠨ ᠤ ᠡᠬᠢ ᠰᠤᠷᠪᠤᠯᠵᠢ ᠶᠢᠨ ᠴᠢᠨᠠᠷ ᠢ 100% ᠳᠤ ᠬᠦᠷᠭᠡᠬᠦ ᠶᠢ ᠦᠨᠡᠨ ᠬᠦ ᠪᠠᠳᠤᠯᠠᠵᠠᠢ᠃ ᠡᠭᠦᠨ ᠤ ᠬᠠᠮᠲᠤ᠂ | ᠪᠣᠬᠢᠷᠲᠤᠯ ᠢ ᠵᠠᠰᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤ ᠶᠢᠨ | ᠪᠣᠵᠠᠷ ᠤᠰᠤ ᠶᠢ ᠴᠤᠭᠯᠠᠭᠤᠯᠬᠤ ᠪᠠ ᠰᠢᠢᠳᠪᠦᠷᠢᠯᠡᠬᠦ ᠲᠦᠭᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ | ᠨᠥᠬᠦᠪᠥᠷᠢᠯᠡᠵᠦ᠂ ᠪᠣᠵᠠᠷ ᠤᠰᠤᠨ ᠤ ᠬᠤᠭᠤᠯᠠᠶ ᠲᠣᠤᠷ ᠢ ᠪᠦᠬᠦᠨ ᠢ ᠬᠠᠮᠤᠷᠬᠤ᠂ ᠪᠦᠬᠦᠨ ᠢ ᠲᠦᠪᠯᠡᠷᠡᠭᠦᠯᠬᠦ᠂ | ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠵᠠᠢ᠃ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠤᠨ ᠪᠠᠷᠢᠮᠵᠢᠶᠠᠵᠢᠬᠰᠡᠨ | ᠭᠠᠳᠠᠭᠰᠢᠯᠠᠭᠤᠯᠤᠯᠲᠠ ᠶᠢ ᠪᠡᠶᠡᠯᠡᠭᠦᠯᠵᠦ᠂ ᠠᠵᠤ ᠤᠢᠢᠯᠡᠳᠪᠦᠷᠢ ᠶᠢᠨ ᠪᠣᠬᠢᠷᠲᠤᠯ ᠤᠨ ᠡᠬᠢ ᠶᠢ ᠵᠠᠰᠠᠬᠤ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠣᠬᠢᠷᠲᠤᠯ ᠪᠣᠳᠠᠰ ᠢ ᠪᠠᠷᠢᠮᠵᠢᠶᠠᠵᠢᠭᠤᠯᠤᠨ ᠭᠠᠳᠠᠭᠰᠢᠯᠠᠭᠤᠯᠬᠤ ᠶᠢ ᠪᠡᠶᠡᠯᠡᠭᠦᠯᠪᠡ | ᠃ ᠮᠠᠨ ᠤ ᠠᠶᠢᠮᠠᠭ ᠪᠠᠰᠠ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠰᠠᠶᠢᠲᠤᠷ | ᠠᠳᠬᠤᠵᠦ ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠵᠤ᠂ | ᠬᠠᠮᠠᠭᠠᠯᠠᠯᠲᠠ ᠶᠢᠨ ᠣᠷᠣᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠲᠥᠷᠥᠯ ᠵᠦᠶ᠋ᠯ ᠢ ᠡᠷᠡᠰ ᠴᠡᠪᠡᠷᠯᠡᠨ | ᠴᠡᠭᠴᠡᠯᠡᠵᠦ᠂ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃ | ᠬᠤᠳᠠ ᠪᠠᠯᠭᠠᠰᠤᠨ ᠤ ᠪᠣᠵᠠᠷ ᠤᠰᠤ ᠶᠢ ᠰᠢᠢᠳᠪᠦᠷᠢᠯᠡᠬᠦ ᠤᠢᠢᠯᠡᠳᠪᠦᠷᠢ ᠶᠢ ᠲᠡᠰ ᠳᠡᠪᠰᠢᠭᠦᠯᠦᠨ | ᠥᠭᠡᠷᠡᠴᠢᠯᠡᠨ ᠰᠠᠶᠢᠵᠢᠷᠠᠭᠤᠯᠪᠠ᠃ ᠪᠦᠷᠢᠳᠬᠡᠯ ᠢ ᠦᠨᠳᠦᠰᠦᠯᠡᠪᠡᠯ᠂ ᠮᠠᠨ ᠤ ᠠᠶᠢᠮᠠᠭ ᠠᠵᠤ ᠤᠢᠢᠯᠡᠳᠪᠦᠷᠢ ᠶᠢᠨ | ᠤᠷᠤᠨ ᠲᠣᠭᠤᠷᠢᠭ ᠤᠨ ᠪᠣᠵᠠᠷ ᠤᠰᠤ ᠰᠢᠢᠳᠪᠦᠷᠢᠯᠡᠬᠦ ᠢᠨᠵᠧᠨᠧᠷᠢᠩ ᠢ 5 ᠪᠡᠶᠡᠯᠡᠭᠦᠯᠵᠦ᠂ ᠬᠤᠲᠠ ᠪᠠᠯᠭᠠᠰᠤᠨ ᠤ | ᠪᠣᠵᠠᠷ ᠤᠰᠤ ᠰᠢᠢᠳᠪᠦᠷᠢᠯᠡᠬᠦ ᠤᠢᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ | 6 ᠪᠡᠶᠡᠯᠡᠬᠦᠯᠵᠦ᠂ ᠠᠵᠤ ᠤᠢᠢᠯᠡᠳᠪᠦᠷᠢ ᠶᠢᠨ ᠠᠵᠤ ᠠᠬᠤᠶᠢᠯᠠᠯ ᠤᠨ ᠪᠣᠵᠠᠷ ᠤᠰᠤ ᠶᠢ ᠵᠠᠰᠠᠬᠤ ᠲᠥᠷᠥᠯ ᠵᠦᠢᠯ ᠢ 5 | ᠪᠡᠶᠡᠯᠡᠭᠦᠯᠵᠦ᠂ 100 ᠭᠠᠴᠠᠭ᠎ᠠ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠪᠠ᠃ 2019 | ᠤᠨ ᠳᠤ ᠪᠥᠬᠦ ᠠᠶᠢᠮᠠᠭ ᠤᠨ ᠬᠢᠨᠠᠨ ᠰᠢᠯᠭᠠᠬᠤ ᠤᠰᠤᠨ ᠤ ᠴᠢᠨᠠᠷ ᠨᠢ ᠴᠥᠮ Ⅲ ᠲᠥᠷᠥᠯ ᠤᠨ ᠪᠠᠷᠢᠮᠵᠢᠶ᠎ᠠ ᠳᠤ | ᠬᠦᠷᠴᠦ᠂ ᠰᠢᠯᠢᠳᠡᠭ ᠰᠠᠶᠢᠨ ᠤ ᠬᠠᠷᠢᠴᠠᠯ ᠨᠢ 100% ᠳᠤ ᠬᠦᠷᠴᠦ᠂ ᠪᠦᠬᠦ ᠠᠶᠢᠮᠠᠬ ᠤᠨ ᠬᠤᠰᠢᠭᠤ ᠰᠢᠶᠠᠨ ᠠᠴᠠ | ᠳᠡᠭᠡᠭᠰᠢᠬᠢ ᠤᠤᠭᠤᠬᠤ ᠤᠰᠤᠨ ᠤ 8 ᠡᠬᠢ ᠰᠤᠷᠪᠤᠯᠵᠢ ᠶᠢᠨ ᠤᠰᠤᠨ ᠤ ᠴᠢᠨᠠᠷ ᠨᠢ Ⅲ ᠲᠥᠷᠥᠯ ᠤᠨ | ᠪᠠᠷᠢᠮᠵᠢᠶ᠎ᠠ ᠳᠤ ᠬᠦᠷᠴᠠᠢ᠃ | ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠵᠦ᠂ ᠠᠶᠤᠯᠲᠠᠶ ᠬᠠᠶᠠᠭᠳᠠᠮᠠᠯ ᠪᠣᠳᠠᠰ ᠢ | ᠰᠢᠶ᠋ᠳᠪᠦᠷᠢᠯᠡᠬᠦ ᠨᠣᠷᠮ᠎ᠠ ᠶᠢ 100% ᠳᠤ ᠬᠦᠷᠭᠡᠵᠠᠢ᠃ ᠮᠠᠨ ᠤ ᠠᠶᠢᠮᠠᠭ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠣᠷᠴᠢᠨ ᠲᠣᠭᠤᠷᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠪᠣᠬᠢᠷᠲᠤᠯ ᠢ | ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠨ᠂ ᠲᠠᠷᠢᠶᠠᠨ ᠭᠠᠵᠠᠷ ᠢ ᠵᠠᠰᠠᠵᠤ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠬᠥᠷᠥᠰᠥ ᠰᠢᠷᠣᠶ ᠶᠢᠨ ᠪᠣᠬᠢᠷᠲᠤᠯ ᠢ ᠴᠢᠩᠭ᠎ᠠ | ᠰᠡᠷᠭᠡᠶᠢᠯᠡᠪᠡ᠃ ᠮᠠᠨ ᠤ ᠠᠶᠢᠮᠠᠬ ᠭᠤᠤᠯᠳᠠᠯᠭ᠎ᠠ ᠲᠠᠢ ᠠᠵᠢᠯ ᠲᠥᠷᠥᠯ ᠳᠠᠬᠢ 40 ᠠᠵᠤ ᠠᠬᠤᠶᠢᠯᠠᠯ ᠤᠨ ᠭᠠᠵᠠᠷ | ᠰᠢᠷᠤᠢ ᠬᠡᠷᠡᠭᠯᠡᠬᠦ ᠰᠠᠭᠤᠷᠢ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠪᠠ᠃ ᠪᠠᠰᠠ ︽ᠬᠢᠩᠭᠠᠨ ᠠᠶᠢᠮᠠᠭ ᠤᠨ ᠬᠥᠷᠥᠰᠥ | ᠰᠢᠷᠣᠶ ᠶᠢ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠡᠷᠡᠰ︾ ᠢ ᠲᠣᠭᠲᠠᠭᠠᠵᠤ᠂ ᠬᠥᠷᠥᠰᠥ | ᠰᠢᠷᠣᠶ ᠶᠢ ᠭᠤᠤᠯᠳᠠᠯᠭ᠎ᠠ ᠲᠠᠢ ᠬᠢᠨᠠᠨ ᠬᠠᠮᠢᠶᠠᠷᠬᠤ 16 ᠠᠵᠤ ᠠᠬᠤᠶᠢᠯᠠᠯ ᠤᠨ ᠬᠥᠷᠥᠰᠥ ᠰᠢᠷᠣᠶ᠂ ᠭᠠᠵᠠᠷ | ᠳᠣᠤᠷᠠᠬᠢ ᠤᠰᠤ ᠶᠢ ᠥᠪᠡᠰᠦᠪᠡᠨ ᠬᠢᠨᠠᠨ ᠬᠡᠮᠵᠢᠬᠦ ᠶᠢ ᠪᠡᠶᠡᠯᠡᠭᠦᠯᠪᠡ᠃ | ᠣᠳᠣᠬᠠᠨ ᠳᠤ᠂ ᠬᠥᠷᠥᠰᠥᠨ ᠤ ᠣᠷᠴᠢᠨ ᠲᠣᠭᠤᠷᠢᠨ ᠤ ᠶᠠᠰᠤ ᠴᠢᠨᠠᠷ ᠨᠢ ᠶᠡᠷᠦᠩᠬᠡᠶ ᠳᠤ ᠪᠠᠨ ᠰᠢᠯᠢᠳᠡᠭ | ᠪᠤᠯᠪᠠ᠃ ᠬᠡᠭᠦ ᠳᠤ ᠪᠠᠨ ᠠᠶᠢᠮᠠᠭ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠢᠨ ᠬᠦᠨᠳᠦ ᠲᠡᠮᠦᠷᠯᠢᠭ ᠲᠤ | ᠬᠤᠯᠪᠣᠭᠳᠠᠭᠰᠠᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠪᠠᠨ ᠲᠠᠰᠤᠷᠠᠯᠲᠠ ᠦᠭᠡᠢ | ᠴᠢᠩᠭᠠᠳᠬᠠᠵᠤ᠂ ᠬᠦᠨᠳᠦ ᠲᠡᠮᠦᠷᠯᠢᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠯᠥᠪᠯᠡᠭᠡ ᠶᠢ ᠬᠡᠷᠡᠭᠵᠢᠭᠦᠯᠵᠦ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠤᠯᠲᠠᠶ ᠬᠠᠶᠠᠭᠳᠠᠮᠠᠯ ᠪᠣᠳᠠᠰ ᠢ | ᠬᠠᠤᠯᠢ ᠪᠤᠰᠤ ᠪᠠᠷ ᠰᠢᠯᠵᠢᠭᠦᠯᠬᠦ᠂ ᠴᠢᠳᠬᠤᠬᠤ᠂ ᠰᠢᠢᠳᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠶ ᠣᠷᠴᠢᠨ ᠢ ᠪᠤᠵᠠᠷᠳᠤᠭᠤᠯᠬᠤ ᠠᠶᠤᠯ ᠲᠦᠭᠰᠢᠭᠦᠷᠢ ᠶᠢ | ᠪᠦᠲᠦᠮᠵᠢᠲᠡᠶ ᠬᠤᠷᠢᠭᠯᠠᠵᠠᠢ᠃ ᠪᠦᠬᠦ ᠠᠶᠢᠮᠠᠭ ᠤᠨ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠨᠣᠷᠮ᠎ᠠ ᠶᠢ | 100% ᠳᠤ ᠬᠦᠷᠭᠡᠵᠦ᠂ ᠡᠩ ᠤᠨ ᠠᠵᠤ ᠤᠢᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠠᠰᠢᠭᠯᠠᠯᠲᠠ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠭᠡᠵᠠᠢ᠃ | ᠣᠳᠣᠬᠠᠨ ᠳᠤ᠂ ᠮᠠᠨ ᠤ ᠠᠶᠢᠮᠠᠭ ᠤᠨ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠶᠠᠰᠤ ᠴᠢᠨᠠᠷ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠪᠦᠬᠦᠨ ᠢᠶᠠᠷ ᠢᠶᠠᠨ ᠥᠪᠡᠷᠲᠡᠭᠡᠨ | ᠵᠠᠰᠠᠬᠤ ᠣᠷᠣᠨ ᠤ ᠰᠢᠯᠭᠠᠨ ᠬᠢᠨᠠᠬᠤ ᠭᠦᠶ᠋ᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃ | ︽ᠮᠠᠨ ᠤ ᠠᠶᠢᠮᠠᠭ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ | ᠠᠳᠬᠤᠵᠤ᠂ ᠪᠣᠬᠢᠷᠲᠤᠯ ᠥᠬᠡᠶ ᠬᠥᠭᠵᠢᠯᠲᠡ ᠶᠢ ᠴᠥᠬᠦᠷᠡᠰᠢ ᠥᠬᠡᠶ ᠠᠬᠢᠭᠤᠯᠵᠤ᠂ ᠬᠥᠬᠡᠮᠳᠦᠭ ᠨᠤᠭᠤᠭᠠᠨ | ᠠᠭᠤᠯᠠ ᠤᠰᠤ ᠮᠥᠩᠬᠡ ᠣᠷᠣᠰᠢᠨ᠂ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠴᠣᠭᠴᠠᠯᠠᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠪᠠ ᠬᠥᠭᠵᠢᠯᠲᠡ ᠲᠠᠪᠰᠢᠯᠳᠠ ᠶᠢᠨ ᠬᠤᠤᠰ ᠠᠮᠵᠢᠯᠲᠠ ᠶᠢ | ᠪᠡᠶᠡᠯᠡᠭᠦᠯᠦᠨ᠎ᠡ︾ ᠭᠡᠵᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠳᠤᠪᠴᠢᠶ᠎ᠠ ᠶᠢᠨ ᠳᠠᠷᠤᠭ᠎ᠠ ᠯᠢ ᠰᠢᠤᠸᠠᠢ | ᠳ᠋ᠦᠩ ᠢᠲᠡᠭᠡᠯ ᠳᠦᠭᠦᠷᠡᠩ ᠭᠡᠯᠡᠨ᠎ᠠ᠃ | | |