ᠭᠦᠢᠯᠡᠷ ᠭᠤᠤᠯ ᠨᠠᠮᠤᠭᠤᠨ ᠤᠷᠤᠰᠴᠦ᠂ ᠭᠤᠤᠯ ᠤᠨ ᠡᠷᠬᠢ ᠶᠢᠨ ᠬᠤᠶᠠᠷ ᠲᠠᠯ᠎ᠠ ᠶᠢᠨ ᠲᠠᠯ᠎ᠠ ᠨᠤᠲᠤᠭ ᠤᠨ | ᠬᠦᠪᠡᠭᠦᠳ ᠦᠬᠢᠳ ᠢ ᠤᠮᠳᠠᠯᠠᠨ᠎ᠠ᠃ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠭᠦᠢᠯᠡᠷ ᠪᠠᠯᠭᠠᠰᠦ ᠨᠢ | ᠮᠢᠩᠭᠠᠨ ᠭᠠᠵᠠᠷ ᠬᠤᠯᠠ ᠤᠷᠤᠰᠳᠠᠭ ᠲᠠᠯ᠎ᠠ ᠨᠤᠲᠤᠭ ᠤᠨ ᠡᠭᠡ ᠭᠤᠤᠯ ᠠᠴᠠ ᠲᠠᠰᠦᠷᠠᠯᠲᠠ ᠦᠭᠡᠢ ᠰᠢᠮ᠎ᠠ ᠬᠦᠷᠲᠡᠵᠦ | ᠂ ᠦᠶ᠎ᠠ ᠤᠯᠠᠷᠢᠨ ᠤᠷᠤᠰᠢᠨ ᠲᠤᠬᠳᠠᠨᠢᠬᠤ ᠶᠢᠨ ᠲᠤᠮᠳᠠ ᠰᠢᠨ᠎ᠠ ᠶᠢ ᠡᠭᠦᠳᠬᠦ ᠠᠮᠢᠵᠢᠷᠠᠯ ᠤᠨ ᠬᠦᠴᠦᠨ ᠢᠶᠠᠨ | ᠢᠯᠡᠷᠡᠭᠦᠯᠪᠠ᠃ ᠬᠦᠢᠯᠡᠷ ᠪᠠᠯᠭᠠᠰᠤᠨ ᠠᠴᠠ ᠲᠦᠴᠢ ᠰᠢᠬᠠᠮ ᠵᠢᠯ ᠤᠨ ᠬᠦᠭᠵᠢᠯᠳᠡ ᠪᠠᠨ ᠤᠯᠤᠬᠰᠠᠨ ᠰᠠᠶᠢᠨ ᠠᠷᠢᠬᠢ | ᠭᠠᠷᠳᠠᠭ ᠪᠦᠭᠡᠳ ︽ᠪᠠᠳᠠᠷᠠᠩᠭᠤᠢ︾ ᠤᠰᠤᠨ ᠳᠤᠳᠤᠷᠭ᠎ᠠ ᠶᠢᠨ ᠡᠭᠡ ᠨᠤᠲᠤᠭ ᠨᠢ ᠪᠢᠯᠡ︕ ᠡ᠊ᠨᠳᠡᠬᠢ ᠦᠭᠡᠷ ᠤᠨ | ᠠᠵᠦ ᠤᠢᠢᠯᠡᠰ ᠨᠢ ᠠᠷᠡᠳ ᠢ ᠪᠠᠶᠠᠵᠢᠭᠤᠯᠬᠤ ᠨᠢᠭᠤᠴᠠ ᠵᠤᠷ ᠪᠤᠯᠵᠠᠢ᠃ ᠤᠢᠢᠷ᠎ᠠ ᠶᠢᠨ ᠡᠳᠦᠷ᠂ ᠬᠢᠨᠭ᠍ᠭᠠᠨ ᠤ | ᠡᠳᠦᠷ ᠤᠨ ᠰᠤᠨᠢᠨ ᠤ ᠬᠤᠷᠢᠶ᠎ᠠ ᠶᠢᠨ ︽ᠬᠢᠨᠭ᠍ᠭᠠᠨ ᠤ ᠠᠭᠤᠯᠠ ᠤᠰᠤ ᠪᠠᠨ ᠪᠠᠭ᠋ᠠᠷᠬᠠᠶ᠎ᠠ︾ ᠰᠤᠷᠪᠤᠯᠵᠢᠯᠠᠬᠴᠢ ᠶᠢᠨ | ᠪᠦᠯᠬᠦᠮ ᠭᠦᠢᠯᠡᠷ ᠪᠠᠯᠭᠠᠰᠦᠨ ᠳᠤ ᠬᠦᠷᠴᠦ ᠤᠳᠤ ᠦᠶ᠎ᠠ ᠶᠢᠨ ᠯᠤᠲᠦ ᠶᠡᠭᠡ ᠬᠤᠪᠢᠷᠠᠯᠲᠠ ᠬᠦᠭᠵᠢᠯᠲᠠ ᠶᠢ | ᠦᠵᠡᠭᠰᠡᠨ ᠪᠠᠶᠢᠨ᠎ᠠ᠃ | ᠭᠦᠢᠯᠡᠷ ᠪᠠᠯᠭᠠᠰᠤ ᠶᠢ ᠲᠤᠷᠠᠳᠬᠤ ᠳᠤ᠂ ᠭᠦᠢᠯᠡᠷ ᠠᠷᠢᠬᠢ ᠶᠢ ᠳᠤᠷᠠᠳᠬᠤ ᠴᠢᠬᠤᠯᠠᠳᠠᠢ ᠶᠤᠮ᠃ ᠤᠯᠠᠩᠬᠢ | ᠬᠦᠮᠦᠨ ᠬᠦᠢᠯᠡᠷ ᠪᠠᠯᠭᠠᠰᠦᠨ ᠳᠤ ᠤᠴᠢᠬᠤ ᠭᠡᠪᠡᠯ᠂ ᠭᠦᠢᠯᠡᠷ ᠠᠷᠢᠬᠢ ᠶᠢ ᠪᠤᠳᠤᠵᠦ ᠤᠯᠬᠤ ᠶᠤᠮ᠃ ᠠᠩᠬ᠎ᠠ | ᠠᠯᠪᠠᠳᠠᠨ ᠤ ᠰᠢᠯᠭᠠᠯᠲᠠ ᠳᠤ ᠨᠡᠷ᠎ᠠ ᠮᠡᠳᠡᠬᠦᠯᠬᠦ ᠦᠶᠡᠰ᠂ ᠠᠵᠢᠯ ᠤᠨ ᠪᠠᠶᠢᠷᠢ ᠶᠢᠨ ᠬᠦᠰᠤᠨᠦᠭᠲᠦ ᠳᠡᠭᠡᠷᠡᠬᠢ ︽ | ᠭᠦᠢᠯᠡᠷ ᠭᠤᠤᠯ︾ ᠭᠡᠬᠦ ᠦᠰᠦᠭ ᠢ ᠦᠵᠡᠭᠰᠡᠨ ᠲᠡᠷᠡ ᠵᠠᠭᠤᠷ᠎ᠠ ᠳᠤᠳᠤᠨᠤ ᠰᠠᠨᠠᠬᠳᠠᠵᠦ᠂ ᠡᠨᠡ ᠴᠢᠨᠢ ᠭᠡᠷ ᠲᠤ ᠪᠠᠨ | ᠤᠤᠭᠤᠵᠦ ᠪᠠᠶᠢᠬᠰᠠᠨ ᠲᠡᠷᠡ ᠠᠷᠢᠬᠢ ᠶᠢ ᠪᠤᠳᠤᠬᠳᠠᠭᠤᠯᠦᠨᠠ ᠭᠡᠵᠦ ᠪᠠᠯᠭᠠᠰᠦ ᠶᠢᠨ ᠤᠬᠠᠭᠤᠯᠬᠤ ᠭᠡᠰᠢᠭᠦᠨ᠂ ᠵᠠᠯᠠᠨ | ᠠᠶᠢᠯ ᠨᠤᠳᠤᠭᠳᠠᠢ ᠬᠠᠨ ᠪᠢᠡᠭ ᠦᠪᠡᠷ ᠤᠨ ᠡᠷᠭᠡ ᠦᠭᠡᠢ ᠶᠠᠷᠢᠵᠦ ᠪᠠᠶᠢᠯ᠎ᠠ᠃ | ᠬᠦᠢᠯᠡᠷ ᠭᠤᠤᠯ ᠤᠨ ᠬᠦᠪᠡᠭᠡᠨ ᠠᠴᠠ ᠡᠭᠦᠰᠤᠯ ᠲᠠᠢ ᠡᠨᠡᠬᠦ ᠠᠮᠳᠠᠲᠦ ᠠᠷᠢᠬᠢ ᠨᠢ 1981 ᠣᠨ ᠳᠤ | ᠨᠡᠷᠡᠭᠰᠡᠨ ᠠᠴᠠ ᠨᠠᠭᠠᠰᠢ᠂ ᠨᠢᠭᠡᠨᠲᠡ ᠳᠥᠴᠢᠨ ᠵᠢᠯ ᠤᠨ ᠡᠳᠦᠷ ᠰᠠᠷ᠎ᠠ ᠶᠢ ᠡᠭᠡᠯᠵᠢᠯᠡᠭᠦᠯᠪᠡ᠃ ᠭᠦᠢᠯᠡᠷ ᠪᠠᠯᠭᠠᠰᠤᠨ ᠤ | ᠠᠭᠤᠯᠠ ᠤᠰᠤ ᠬᠦᠬᠡᠮᠳᠦᠭ ᠲᠤᠩᠭᠠᠯᠠᠬ᠂ ᠪᠣᠬᠢᠷᠲᠤᠯ ᠦᠭᠡᠢ ᠪᠠᠶᠢᠭᠠᠯᠢ ᠶᠢᠨ ᠣᠷᠴᠢᠨ ᠲᠣᠭᠤᠷᠢᠨ ᠤ ᠳᠡᠭᠡᠷ᠎ᠡ | ᠡᠷᠳᠡᠨᠢ ᠰᠢᠰᠢ᠂ ᠰᠢᠰᠢ᠂ ᠤᠰᠤᠨ ᠲᠤᠲᠤᠷᠭ᠎ᠠ᠂ ᠪᠤᠭᠤᠳᠠᠢ ᠵᠡᠷᠭᠡ ᠠᠷᠢᠬᠢ ᠨᠡᠷᠡᠬᠦ ᠴᠢᠨᠠᠷ ᠰᠠᠶᠢᠲᠠᠶ ᠲᠦᠭᠦᠬᠡᠶ | ᠮᠠᠲ᠋ᠧᠷᠢᠶᠠᠯ ᠡᠯᠪᠡᠭ ᠭᠠᠷᠳᠠᠭ ᠪᠣᠯᠬᠤᠷ ᠲᠠᠰᠤᠷᠠᠯᠲᠠ ᠦᠭᠡᠶ ᠬᠥᠭᠵᠢᠵᠦ ᠢᠷᠡᠯ᠎ᠠ᠃ | ᠥᠪᠥᠷ ᠮᠣᠩᠭᠤᠯ ᠤᠨ ᠬᠤᠷᠴᠢᠨ ᠸᠠᠩ ᠠᠷᠢᠬᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠵᠠᠬ᠎ᠠ ᠳᠡᠯᠭᠡᠭᠦᠷ ᠤᠨ ᠰᠣᠶᠣᠯ ᠤᠬᠠᠭᠤᠯᠭ᠎ᠠ ᠶᠢᠨ ᠬᠡᠯᠲᠡᠰ ᠤᠨ ᠳᠠᠷᠤᠭ᠎ᠠ ᠵᠢᠶᠠᠩ ᠮᠢᠩ ᠭᠧ 1988 ᠣᠨ ᠠᠴᠠ | ᠡᠬᠢᠯᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠢᠬᠢᠨ ᠦᠢᠯᠡᠳᠪᠦᠷᠢ ᠳᠤ ᠠᠵᠢᠯᠯᠠᠪᠠ᠃ ᠲᠡᠷᠡ | ᠪᠠᠷᠤᠭ ᠭᠦᠢᠯᠡᠷ ᠠᠷᠢᠬᠢᠨ ᠤ ᠪᠤᠢ ᠪᠦᠬᠦᠢ ᠬᠥᠭᠵᠢᠯᠲᠡ ᠶᠢᠨ ᠶᠠᠪᠤᠴᠠ ᠶᠢ ᠪᠡᠶ᠎ᠠ ᠪᠠᠷ ᠢᠶᠠᠨ ᠥᠩᠭᠡᠷᠡᠭᠡᠭᠰᠡᠨ ᠪᠠᠶᠢᠨ᠎ᠠ᠃ | ︽ᠰᠠᠷ᠎ᠠ ᠪᠦᠷᠢ 70 ᠲᠥᠭᠦᠷᠢᠭ ᠤᠨ ᠴᠠᠯᠢᠩ ᠠᠴᠠ ᠬᠡᠳᠦᠨ ᠵᠠᠭᠤᠨ ᠲᠥᠭᠦᠷᠢᠭ ᠳᠠᠬᠢᠨ ᠬᠡᠳᠦᠨ ᠮᠢᠩᠭᠠᠨ | ᠲᠥᠭᠦᠷᠢᠭ ᠬᠦᠷᠲᠡᠯ᠎ᠠ᠂ ᠬᠤᠪᠢᠷᠠᠬᠰᠠᠨ ᠨᠢ ᠠᠮᠢᠳᠤᠷᠠᠯ ᠤᠨ ᠶᠠᠰᠤ ᠴᠢᠨᠠᠷ᠂ ᠬᠤᠪᠢᠷᠠᠬᠰᠠᠨ ᠦᠭᠡᠢ ᠨᠢ ᠤᠭ ᠰᠠᠨᠠᠭ᠎ᠠ | ᠪᠠ ᠡᠭᠦᠷᠭᠡ ᠬᠠᠷᠢᠭᠤᠴᠠᠯᠭ᠎ᠠ ᠪᠣᠯᠤᠨ᠎ᠠ᠃ ᠵᠢᠶᠠᠩ ᠮᠢᠩ ᠭᠧ ᠲᠠᠢ ᠠᠳᠠᠯᠢ ᠪᠠᠷ ᠡ᠊ᠨᠳᠡ 30 ᠭᠠᠷᠤᠶ ᠵᠢᠯ | ᠠᠵᠢᠯᠯᠠᠭᠰᠠᠨ ᠠᠵᠢᠯᠲᠠᠨ ᠴᠥᠭᠡᠨ ᠪᠤᠰᠤ᠂ ᠭᠤᠸᠠᠨ ᠹᠡ ᠴᠤᠤ ᠪᠤᠯ ᠳᠠᠷᠤᠢ ᠠᠪᠤ ᠶᠢᠨ ᠢᠶᠠᠨ ᠭᠠᠷ ᠠᠴᠠ ᠠᠵᠢᠯ | ᠲᠣᠰᠴᠤ ᠠᠪᠤᠭᠰᠠᠨ ᠬᠥᠮᠦᠨ ᠪᠣᠯᠤᠨ᠎ᠠ᠃ ᠭᠤᠸᠠᠨ ᠹᠡ ᠴᠤᠤ ᠶᠢᠨ ᠡᠴᠢᠭᠡ ᠭᠤᠸᠠᠨ ᠴᠧᠩ ᠵᠢᠶᠠᠩ ᠪᠣᠯ ᠭᠦᠢᠯᠡᠷ | ᠪᠠᠯᠭᠠᠰᠤᠨ ᠤ ᠭᠦᠢᠯᠡᠷ ᠭᠠᠴᠠᠭᠠᠨ ᠤ ᠬᠥᠮᠦᠨ ᠪᠣᠯᠤᠨ᠎ᠠ᠃ 1981 ᠣᠨ ᠳᠤ ᠠᠷᠢᠬᠢᠨ ᠦᠢᠯᠡᠳᠪᠦᠷᠢ | ᠪᠠᠶᠢᠭᠤᠯᠤᠭᠰᠠᠨ ᠠᠴᠠ ᠡᠬᠢᠯᠡᠭᠡᠳ ᠳᠠᠷᠤᠶ ᠡ᠊ᠨᠳᠡ ᠠᠵᠢᠯᠯᠠᠵᠠᠶ᠃ ᠪᠢ ᠪᠠᠭ᠎ᠠ ᠠᠴᠠ ᠪᠠᠨ ᠡᠨᠡ ᠦᠶ᠋ᠯᠡᠳᠪᠦᠷᠢ ᠳᠤ | ᠥᠰᠦᠭᠰᠡᠨ ᠶᠤᠮ᠂ ᠡᠨᠡ ᠪᠣᠯ ᠮᠢᠨᠦ ᠬᠤᠶᠠᠳᠡᠬᠢ ᠭᠡᠷ ᠪᠤᠯᠦᠨ᠎ᠠ︾ ᠭᠡᠵᠦ ᠭᠤᠸᠠᠨ ᠹᠠ ᠴᠤᠤ ᠰᠡᠳᠬᠢᠯ ᠬᠥᠳᠡᠯᠦᠨ | ᠶᠠᠷᠢᠵᠦ ᠪᠠᠶᠢᠯ᠎ᠠ᠃ ᠬᠠᠷᠠᠬᠠᠨ ᠪᠠᠭ᠎ᠠ ᠠᠴᠠ ᠪᠠᠨ ᠠᠪᠤ ᠪᠠᠨ ᠳᠠᠭᠠᠵᠤ᠂ ᠭᠦᠢᠯᠡᠷ ᠠᠷᠢᠬᠢ ᠶᠢ ᠨᠢᠭᠡ ᠨᠢᠭᠡ | ᠠᠯᠬᠤᠮ ᠢᠶᠠᠷ ᠳᠡᠯᠡᠬᠡᠶ ᠳ᠋ᠠᠬᠢᠨ ᠳᠤ ᠬᠠᠨᠳᠤᠭᠤᠯᠵᠦ ᠢᠷᠡᠭᠰᠡᠨ ᠲᠡᠷᠡ᠂ ᠡᠨᠡ ᠬᠦ ᠠᠵᠤ ᠠᠬᠤᠢᠢᠯᠠᠯ ᠳᠤ ᠨᠢᠭᠡ | ᠵᠦᠢᠯ ᠤᠨ ᠬᠡᠯᠡᠬᠦ ᠶᠢᠨ ᠠᠷᠭ᠎ᠠ ᠦᠭᠡᠢ ᠬᠠᠶᠢᠷ᠎ᠠ ᠰᠡᠳᠬᠢᠯᠭᠡ ᠲᠠᠢ ᠪᠤᠯᠵᠠᠢ᠃ ᠭᠤᠸᠠᠨ ᠹᠡ ᠴᠤᠤ ᠶᠢᠨ | ᠲᠠᠨᠢᠯᠴᠠᠭᠤᠯᠬᠤ ᠪᠠᠷ᠂ ᠤᠳᠤᠬᠠᠨ᠎ᠠ ᠠᠷᠢᠬᠢᠨ ᠦᠢᠯᠡᠳᠪᠦᠷᠢ ᠳᠤ ᠳᠡᠷᠡ ᠰᠢᠭ ᠠᠪᠤ ᠶᠢᠨ ᠢᠶᠠᠨ ᠠᠵᠢᠯ ᠢ ᠵᠠᠯᠭᠠᠮᠵᠢᠯᠠᠨ | ᠬᠢᠵᠤ ᠪᠠᠶᠢᠬᠤ ᠲᠠᠪᠤ ᠵᠢᠷᠭᠤᠭᠠᠨ ᠠᠵᠢᠯᠳᠠᠨ ᠪᠤᠢ᠃ | ᠦᠢᠷ᠎ᠠ ᠤᠷᠴᠢᠮ ᠤᠨ ᠭᠠᠴᠠᠭᠠᠨ ᠤ ᠠᠷᠠᠳ ᠲᠤ ᠠᠪᠴᠤ ᠬᠡᠯᠡᠪᠡᠯ᠂ ᠠᠷᠢᠬᠢᠨ ᠦᠢᠯᠡᠳᠪᠦᠷᠢ ᠨᠢ ᠪᠠᠰᠠ ᠲᠡᠳᠡᠨ ᠤ | ᠤᠷᠤᠯᠭ᠎ᠠ ᠪᠠᠨ ᠨᠡᠮᠡᠭᠳᠡᠬᠦᠯᠬᠦ ᠣᠷᠣᠰᠢᠨ ᠲᠣᠭᠲᠠᠨᠢᠬᠤ ᠭᠠᠵᠠᠷ ᠪᠣᠯᠵᠠᠶ᠃ 2000 ᠣᠨ ᠠᠴᠠ ᠡᠬᠢᠯᠡᠨ ᠥᠪᠥᠷ | ᠮᠣᠩᠭᠤᠯ ᠤᠨ ᠬᠤᠷᠴᠢᠨ ᠸᠠᠩ ᠠᠷᠢᠬᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠵᠢᠯ ᠣᠯᠭᠤᠬᠤ | ᠠᠵᠢᠯ ᠤᠨ ᠪᠠᠶᠢᠷᠢ ᠶᠢ ᠢᠳᠡᠪᠬᠢᠲᠡᠢ ᠨᠡᠭᠡᠭᠡᠨ ᠬᠥᠭᠵᠢᠭᠦᠯᠵᠦ᠂ ᠡᠷᠭᠢᠨ ᠲᠣᠭᠤᠷᠢᠨ ᠤ ᠭᠠᠴᠠᠭ᠎ᠠ ᠲᠣᠰᠬᠤᠨ ᠤ | ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ ᠲᠠᠢ᠂ ᠲᠣᠬᠢᠷᠠᠬᠤ ᠨᠠᠰᠤᠨ ᠤ ᠶᠠᠳᠠᠭᠤ | ᠬᠦᠴᠢᠷᠳᠡᠯ ᠲᠠᠢ ᠬᠥᠳᠡᠯᠮᠦᠷᠢ ᠬᠦᠴᠦᠨ ᠳᠤ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ᠂ ᠲᠡᠳᠡᠨ ᠳᠤ | ᠲᠣᠭᠲᠠᠭᠤᠨ ᠢᠶᠠᠷ ᠠᠵᠢᠯ ᠣᠯᠭᠤᠵᠤ᠂ ᠶᠠᠳᠠᠭᠤ ᠠᠴᠠ ᠠᠩᠬᠢᠵᠢᠷᠠᠭᠤᠯᠬᠤ ᠶᠢ ᠠᠬᠢᠭᠤᠯᠵᠠᠢ᠃ ︽ᠮᠠᠨ ᠤ ᠠᠵᠤ | ᠠᠬᠤᠶᠢᠯᠠᠯ ᠳᠤ᠂ ᠭᠦᠢᠯᠡᠷ ᠪᠠᠯᠭᠠᠰᠤᠨ ᠤ ᠬᠥᠯᠥᠰᠥᠨ ᠠᠵᠢᠯᠴᠢᠨ 600 ᠰᠢᠬᠠᠮ ᠪᠤᠢ᠃ ᠪᠢᠳᠡ ᠠᠯᠢ ᠴᠢᠳᠠᠬᠤ ᠪᠠᠷ | ᠠᠵᠢᠯ ᠲᠣᠬᠢᠷᠠᠭᠤᠯᠵᠤ᠂ ᠲᠡᠳᠡᠨ ᠢ ᠭᠠᠳᠠᠨ᠎ᠠ ᠭᠠᠵᠠᠷ ᠬᠥᠯᠥᠰᠥᠨ ᠠᠵᠢᠯ ᠬᠢᠬᠦ ᠶᠢᠨ ᠵᠣᠪᠠᠭᠤᠷᠢ ᠵᠦᠳᠡᠭᠦᠷᠢ ᠠᠴᠠ | ᠵᠠᠶᠢᠯᠠᠭᠤᠯᠵᠤ᠂ ᠣᠷᠣᠯᠭ᠎ᠠ ᠶᠢ ᠨᠢ ᠨᠡᠮᠡᠭᠳᠡᠬᠦᠯᠬᠦ ᠶᠢᠨ ᠲᠠᠭᠠᠤ ᠭᠤᠷᠪᠠᠨ ᠳᠠᠭᠠᠳᠬᠠᠯ ᠢ ᠨᠢ ᠲᠤᠰᠢᠶᠠᠨ ᠰᠠᠨᠠᠭ᠎ᠠ ᠠᠮᠤᠷ | ᠠᠵᠢᠯᠯᠠᠵᠤ ᠠᠮᠢᠳᠤᠷᠠᠬᠤ ᠶᠢ ᠪᠠᠳᠤᠯᠠᠵᠤ ᠪᠤᠢ︾ ᠭᠡᠵᠦ ᠬᠡᠷᠡᠭ ᠮᠡᠳᠡᠭᠴᠢᠳ ᠤᠨ ᠳᠠᠷᠤᠭ᠎ᠠ ᠰᠦᠨ ᠯᠢ ᠴᠢᠶᠠᠩ | ᠲᠠᠨᠢᠯᠴᠠᠭᠤᠯᠤᠨ᠎ᠠ᠃ | ᠰᠠᠶᠢᠨ ᠠᠭᠤᠯᠠ ᠤᠰᠤᠨ ᠠᠴᠠ ᠰᠠᠶᠢᠨ ᠠᠷᠢᠬᠢ ᠭᠠᠷᠬᠤ ᠮᠥᠷᠲᠡᠭᠡᠨ ᠪᠠᠰᠠ ᠰᠠᠶᠢᠨ ᠠᠮᠤ ᠪᠤᠳᠠᠭ᠎ᠠ ᠭᠠᠷᠤᠨ᠎ᠠ᠃ | ︽ᠡᠷᠳᠡᠨᠢ ᠰᠢᠰᠢ᠂ ᠤᠰᠤᠨ ᠲᠤᠳᠤᠷᠭ᠎ᠠ︾᠂ ︽ᠠᠯᠠᠰᠢᠨ ᠦᠭᠡᠷ᠂ ᠰᠠᠭᠠᠯᠢ ᠶᠢᠨ ᠦᠨᠢᠶ᠎ᠠ︾ ᠪᠣᠯ ᠮᠠᠨ ᠤ | ᠠᠶᠢᠮᠠᠭ ᠤᠨ ᠰᠢᠨ᠎ᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠦᠢᠯᠡᠳᠦᠯᠭᠡᠵᠢᠭᠦᠯᠬᠦ ᠬᠠᠷᠠᠯᠲᠠ ᠴᠢᠭᠯᠡᠯ ᠪᠣᠯᠤᠨ᠎ᠠ | ᠃ ᠮᠥᠨ ᠴᠦ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ | ᠪᠦᠷᠢᠯᠳᠦᠭᠦᠯᠬᠦ ᠶᠢ ᠠᠬᠢᠭᠤᠯᠬᠤ ᠰᠣᠩᠭᠤᠳᠠᠭ ᠬᠤᠷᠢᠶᠠᠩᠭᠤᠶᠢᠯᠠᠯ ᠮᠥᠨ᠃ ᠦᠢᠷ᠎ᠡ ᠶᠢᠨ ᠵᠢᠯ ᠳᠤ᠂ ᠭᠦᠢᠯᠡᠷ | ᠪᠠᠯᠭᠠᠰᠤ ᠶᠢᠨ ᠬᠢᠨ ᠶᠠᠰᠤ ᠴᠢᠨᠠᠷ ᠢ ᠰᠢᠯᠢᠳᠡᠭᠵᠢᠭᠦᠯᠵᠦ᠂ ᠨᠡᠷ᠎ᠡ ᠠᠯᠳᠡᠷ ᠢ ᠲᠠᠭᠤᠷᠢᠰᠤᠭᠤᠯᠤᠨ᠂ ︽ᠡᠷᠳᠡᠨᠢ ᠰᠢᠰᠢ | ᠤᠰᠤᠨ ᠲᠤᠳᠤᠷᠭ᠎ᠠ︾ ᠪᠠ ︽ᠠᠯᠠᠰᠢᠨ ᠦᠬᠡᠷ᠂ ᠰᠠᠭᠠᠯᠢ ᠶᠢᠨ ᠦᠨᠢᠶ᠎ᠠ︾ ᠶᠢᠨ ᠠᠵᠤ ᠦᠢᠯᠡᠰ ᠢᠶᠠᠷ ᠲᠤᠯᠭᠠᠭᠤᠷᠢ | ᠠᠵᠤ ᠦᠶ᠋ᠯᠡᠰ ᠪᠤᠯᠭᠠᠵᠤ᠂ ᠠᠷᠠᠳ ᠢ ᠪᠠᠶᠠᠵᠢᠭᠤᠯᠬᠤ ᠠᠵᠤ ᠦᠶ᠋ᠯᠡᠰ ᠪᠣᠯᠭᠠᠨ ᠬᠦᠭᠵᠢᠬᠦᠯᠬᠦ ᠶᠢ ᠪᠠᠲᠤᠯᠠᠵᠠᠶ᠃ | ᠭᠦᠢᠯᠡᠷ ᠪᠠᠯᠭᠠᠰᠤᠨ ᠳᠤ ᠤᠰᠤᠨ ᠲᠤᠲᠤᠷᠭ᠎ᠠ ᠳᠠᠷᠢᠭᠰᠠᠨ ᠨᠢ ᠥᠨᠢ ᠤᠳᠠᠭᠠᠨ ᠲᠡᠦᠬᠡ ᠲᠠᠢ ᠶᠤᠮ᠃ ᠲᠤᠰ | ᠪᠠᠯᠭᠠᠰᠤᠨ ᠤ ᠪᠠᠳᠠᠷᠠᠩᠭᠤᠢ᠂ ᠮᠠᠨᠳᠤᠬᠤ᠂ ᠬᠥᠭᠵᠢᠯ᠂ ᠵᠢᠤᠢ ᠾᠧ᠂ ᠪᠠᠶᠠᠨᠵᠢᠷᠦᠬᠡ ᠵᠡᠷᠭᠡ 9 ᠭᠠᠴᠠᠭ᠎ᠠ ᠨᠢ ᠭᠦᠢᠯᠡᠷ | ᠭᠤᠣᠯ ᠤᠨ ᠳᠡᠭᠡᠳᠦ ᠤᠷᠤᠰᠬᠠᠯ ᠳᠤ ᠪᠠᠶᠢᠵᠦ᠂ ᠡᠳᠡᠭᠡᠷ ᠭᠠᠴᠠᠭ᠎ᠠ ᠨᠢ ᠬᠥᠷᠥᠰᠥ ᠰᠢᠷᠣᠢ ᠪᠠ ᠤᠰᠤᠨ ᠤ ᠴᠢᠨᠠᠷ ᠢ | ᠠᠰᠢᠭᠯᠠᠨ ᠠᠮᠲᠠ ᠲᠠᠢ ᠰᠠᠶᠢᠬᠠᠨ ᠲᠤᠲᠤᠷᠭ᠎ᠠ ᠶᠢ ᠪᠤᠶᠢᠵᠢᠭᠤᠯᠤᠭᠰᠠᠭᠠᠷ ᠢᠷᠡᠵᠡᠢ᠃ ᠪᠠᠳᠠᠷᠠᠩᠭᠤᠢ ᠭᠠᠴᠠᠭ᠎ᠠ ᠨᠢ | ᠤᠭ ᠠᠴᠠ ᠪᠠᠨ ︽ᠵᠢᠭᠠᠰᠤ ᠠᠮᠤ ᠶᠢᠨ ᠨᠤᠲᠤᠭ︾ ᠭᠡᠰᠡᠨ ᠰᠠᠶᠢᠬᠠᠨ ᠨᠡᠷ᠎ᠡ ᠲᠠᠢ ᠶᠤᠮ᠃ ᠣᠶᠢᠯᠠᠭᠠᠭᠰᠠᠨ ᠢᠶᠠᠷ᠂ ︽ | ᠪᠠᠳᠠᠷᠠᠩᠭᠤᠢ︾ ᠲᠡᠮᠳᠡᠭ ᠪᠠᠶᠢᠳᠠᠭ ᠯᠠ ᠶᠤᠮ ᠪᠣᠯ ᠪᠤᠰᠤᠳ ᠭᠠᠵᠠᠷ ᠤᠨ ᠤᠰᠤᠨ ᠲᠤᠲᠤᠷᠭ᠎ᠠ ᠠᠴᠠ ᠵᠢᠩ | ᠪᠦ᠋ᠷᠢ ᠳᠤ ᠪᠠᠨ 0.2 ᠲᠥᠭᠦᠷᠢᠭ ᠢᠯᠡᠭᠦᠤ ᠬᠤᠳᠠᠯᠳᠤᠳᠠᠭ ᠭᠡᠨ᠎ᠠ᠃ | ᠰᠤᠷᠪᠤᠯᠵᠢᠯᠠᠭᠴᠢ ᠭᠦᠢᠯᠡᠷ ᠪᠠᠯᠭᠠᠰᠤᠨ ᠤ ᠪᠠᠳᠠᠷᠠᠩᠭᠤᠢ ᠭᠠᠴᠠᠭ᠎ᠠ ᠳᠠᠬᠢ ᠲᠤᠲᠤᠷᠭ᠎ᠠ ᠶᠢᠨ ᠵᠤᠭᠠᠴᠠᠯ ᠤᠨ | ᠲᠣᠭᠤᠷᠢᠭ ᠲᠤ ᠬᠦᠷᠬᠦ ᠳᠤ᠂ ᠨᠢᠳᠦ ᠢᠷᠮᠡᠬᠦ ᠶᠢᠨ ᠵᠠᠭᠤᠷ᠎ᠠ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠨᠣᠭᠤᠭᠠᠨ | ᠥᠩᠭᠡ ᠲᠠᠢ᠂ ᠪᠠᠰᠠ ᠨᠢᠭᠡ ᠪᠦᠯᠦᠭ ᠨᠤᠭᠤᠰᠤ ᠲᠤᠲᠤᠷᠭᠠᠨ ᠲᠠᠷᠢᠶᠠᠨ ᠳᠤ ᠬᠠᠶᠠ ᠳᠠᠯᠳᠠ ᠬᠠᠷᠠᠭᠳᠠᠵᠦ᠂ ᠥᠩᠭᠡ | ᠦᠵᠡᠮᠵᠢ ᠨᠢ ᠬᠥᠮᠦᠨ ᠢ ᠰᠣᠭᠲᠣᠭᠤᠷᠠᠭᠤᠯᠦᠨᠠ᠃ ᠳᠣᠲᠣᠭᠰᠢ ᠶᠠᠪᠤᠵᠤ ᠦᠵᠡᠮᠦᠷᠢ ᠶᠢᠨ ᠲᠠᠶᠢᠰᠠᠨ ᠳᠤ ᠭᠠᠷᠴᠤ | ᠳᠡᠭᠡᠷ᠎ᠠ ᠠᠴᠠ ᠲᠤᠷᠤᠬᠰᠢ ᠬᠠᠷᠠᠪᠠᠯ᠂ ᠮᠤᠷᠤᠶ ᠰᠠᠷᠤᠶ ᠰᠣᠯᠪᠢᠴᠠᠭᠰᠠᠨ ᠲᠤᠲᠤᠷᠭ᠎ᠠ ᠶᠢᠨ ᠲᠠᠷᠢᠶᠠᠨ ᠳᠤ ᠮᠣᠩᠭᠤᠯ | ᠬᠢᠲᠠᠳ ᠬᠤᠤᠰ ᠬᠡᠯᠡ ᠪᠠᠷ ᠪᠢᠴᠢᠭᠰᠡᠨ ︽ᠪᠠᠳᠠᠷᠠᠩᠭᠤᠢ︾ ᠬᠡᠮᠡᠬᠦ ᠲᠣᠮᠣ ᠤᠷᠠᠯᠢᠭ ᠥᠰᠥᠭ ᠢ ᠬᠠᠳᠬᠤᠵᠤ ᠪᠠᠶᠢᠳᠠᠭ | ᠃ | ︽ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠦᠨ ᠬᠦᠳᠡᠭᠡ ᠲᠤᠰᠬᠤᠨ ᠤ ᠠᠵᠦ ᠤᠢᠢᠯᠡᠰ ᠢ ᠶᠡᠭᠡ | ᠬᠦᠴᠦᠨ ᠢᠶᠠᠷ ᠬᠦᠭᠵᠢᠭᠦᠯᠵᠦ᠂ ᠨᠢᠭᠡ ᠪᠦᠯᠦᠭ ᠵᠤᠭᠠᠴᠠᠯ ᠤᠨ ᠴᠢᠳᠠᠮᠵᠢ ᠲᠠᠢ ᠲᠠᠷᠢᠶᠠᠯᠠᠩ ᠮᠠᠯ ᠠᠵᠦ ᠠᠬᠤᠢ ᠶᠢᠨ | ᠵᠢᠱᠢᠶ᠎ᠠ ᠦᠵᠡᠬᠦᠯᠬᠦ ᠲᠤᠭᠤᠷᠢᠬ ᠢ ᠭᠤᠤᠯᠳᠠᠯᠭ᠎ᠠ ᠲᠠᠢ ᠡᠭᠦᠳᠦᠨ ᠪᠠᠶᠢᠭᠤᠯᠵᠦ᠂ ᠳᠤᠳᠤᠷᠭ᠎ᠠ ᠶᠢᠨ ᠲᠠᠷᠢᠶ᠎ᠠ ᠶᠢᠨ | ᠦᠵᠡᠮᠵᠢ ᠶᠢᠨ ᠤᠷᠤᠨ ᠢ ᠪᠠᠶᠢᠭᠤᠯᠬᠤ᠂ ᠲᠠᠷᠢᠶ᠎ᠠ ᠶᠢ ᠴᠡᠴᠡᠷᠯᠢᠭ ᠤᠨ ᠬᠦᠷᠢᠶᠡᠯᠠᠩ ᠪᠤᠯᠭᠠᠵᠦ᠂ ᠳᠠᠷᠢᠶᠠᠯᠠᠩ ᠵᠤᠭᠠᠴᠠᠯ | ᠭᠦᠨ ᠠᠭᠤᠰᠤᠯᠴᠠᠬᠰᠠᠨ ᠬᠦᠭᠵᠢᠯᠲᠠ ᠶᠢᠨ ᠰᠢᠨ᠎ᠠ ᠵᠠᠮ ᠢᠶᠠᠷ ᠵᠠᠮᠨᠠᠨ᠎ᠠ︾ ᠭᠡᠬᠦ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶᠡᠨ ᠤ ᠪᠠᠶᠢᠡᠭᠭᠤ ᠶᠢᠨ ᠭᠡᠰᠢᠭᠦᠨ᠂ ᠠᠶᠢᠮᠠᠭ ᠤᠨ ᠨᠠᠮ ᠤᠨ ᠬᠤᠷᠢᠶᠡᠨ ᠤ ᠱᠦᠵᠢ ᠵᠠᠩ ᠡᠸ᠋ᠨ | ᠬᠤᠢ ᠶᠢᠨ ᠶᠠᠷᠢᠬᠰᠠᠨ ᠶᠠᠷᠢᠶ᠎ᠠ ᠮᠠᠰᠢ ᠬᠦᠴᠦᠲᠠᠢ ᠪᠠᠶᠢᠯ᠎ᠠ᠃ 2019 ᠤᠨ ᠳᠤ ᠪᠦᠲᠦᠭᠡᠨ ᠪᠠᠶᠢᠭᠤᠯᠵᠦ | ᠡᠬᠢᠯᠡᠭᠰᠡᠨ ᠠᠴᠠ ᠨᠠᠭᠠᠰᠢ᠂ ᠪᠠᠳᠠᠷᠠᠩᠭᠤᠢ ᠶᠢᠨ ᠤᠰᠤᠨ ᠲᠤᠳᠤᠷᠭ᠎ᠠ ᠵᠤᠭᠠᠴᠠᠯ ᠠᠭᠤᠰᠤᠯᠴᠠᠬᠰᠠᠨ ᠵᠤᠭ᠎ᠠ | ᠰᠡᠯᠡᠭᠦᠴᠡᠯ ᠤᠨ ᠦᠵᠡᠮᠵᠢ ᠶᠢᠨ ᠲᠤᠭᠤᠷᠢᠭ ᠨᠢ ᠵᠤᠭᠠᠴᠠᠬᠰᠡᠳ ᠤᠨ ᠪᠠᠭ᠋ᠠᠷᠬᠠᠯ ᠢ ᠲᠠᠳᠠᠵᠠᠢ᠃ ᠡᠨᠡ ᠨᠢ ᠨᠡᠩ ᠤᠯᠠᠨ | ᠵᠤᠭᠠᠴᠠᠬᠰᠡᠳ ᠢ ᠲᠠᠳᠠᠵᠦ ᠲᠤᠭᠤᠷᠢᠨ ᠦᠵᠡᠬᠦᠯᠬᠦ ᠶᠢᠨ ᠬᠠᠮᠲᠦ᠂ ᠤᠰᠤᠨ ᠲᠤᠳᠤᠷᠭ᠎ᠠ ᠨᠢ ᠲᠠᠷᠢᠶᠠᠯᠠᠩ ᠤᠨ | ᠨᠡᠮᠡᠭᠳᠡᠯ ᠦᠷᠲᠡᠭ ᠢ ᠪᠡᠶᠡᠯᠡᠬᠦᠯᠵᠤ᠂ ᠠᠷᠡᠳ ᠤᠨ ᠤᠷᠤᠯᠭ᠎ᠠ ᠶᠢ ᠨᠡᠮᠡᠭᠳᠡᠭᠦᠯᠵᠠᠢ᠃ | ᠳᠤᠰ ᠲᠣᠭᠤᠷᠢᠭ ᠤᠨ ᠲᠣᠭᠤᠷᠢᠯ ᠵᠠᠮ ᠢᠶᠠᠷ ᠶᠠᠪᠤᠬᠤ ᠳᠤ᠂ ᠲᠤᠲᠤᠷᠭ᠎ᠠ ᠴᠡᠴᠡᠭ ᠤᠨ ᠠᠩᠭᠢᠯᠤᠮ᠎ᠠ ᠦᠨᠤᠷ | ᠦᠨᠤᠷᠳᠦᠭᠳᠡᠬᠦ ᠠᠴᠠ ᠭᠠᠳᠠᠨ᠎ᠠ᠂ ᠰᠤᠷᠪᠤᠯᠵᠢᠯᠠᠭᠴᠢ ᠪᠠᠰᠠ ᠴᠥᠭᠡᠨ ᠪᠤᠰᠤ ᠭᠠᠴᠠᠭ᠎ᠠ ᠲᠣᠰᠬᠤᠨ ᠤ ᠠᠷᠠᠳ ᠢ | ᠣᠯᠵᠤ ᠦᠵᠡᠵᠡᠶ᠃ 62 ᠨᠠᠰᠤᠲᠠᠶ ᠪᠠᠢ ᠯᠢᠦ ᠶᠤᠸᠠᠢ ᠪᠣᠯᠤᠨ ᠬᠥᠭᠰᠢᠨ ᠨᠢ ᠳᠠᠷᠤᠶ ︽ᠬᠦᠴᠦ ᠶᠠᠪᠤᠭᠴᠢ︾ | ᠪᠣᠯᠤᠨ᠎ᠠ᠂ ᠡᠨᠡ ᠵᠢᠯ ᠤᠨ ᠤᠰᠤᠨ ᠲᠤᠲᠤᠷᠭ᠎ᠠ ᠶᠢᠨ ᠬᠤᠷᠢᠶᠠᠯᠲᠠ ᠶᠢ ᠠᠰᠠᠭᠤᠬᠤ ᠳᠤ᠂ ᠪᠠᠢ ᠯᠢᠦ ᠶᠤᠸᠠᠢ | ᠢᠨᠢᠶᠡᠮᠰᠦᠭᠯᠡᠨ ᠰᠤᠷᠪᠤᠯᠵᠢᠯᠠᠭᠴᠢ ᠳᠤ᠄ ︽ᠡᠨᠡ ᠵᠢᠯ ᠪᠠᠰᠠ ᠡᠯᠪᠡᠭ ᠬᠤᠷᠢᠶᠠᠯᠲᠠ ᠲᠠᠢ ᠵᠢᠯ ᠳ᠋ᠡ᠃ ᠪᠠᠳᠠᠷᠠᠩᠭᠤᠢ | ᠭᠠᠴᠠᠭᠠᠨ ᠤ ᠵᠥᠪᠯᠡᠯ ᠤᠨ ᠡᠷᠬᠢᠯᠡᠭᠴᠢ ᠪᠦᠦ ᠰᠢᠶᠣᠤ ᠯᠢᠦ ᠲᠠᠨᠢᠯᠴᠠᠭᠤᠯᠬᠤ ᠳᠤ ᠪᠠᠨ᠂ ᠤᠰᠤᠨ ᠲᠤᠳᠤᠷᠭ᠎ᠠ ᠶᠢᠨ | ᠲᠠᠷᠢᠶ᠎ᠠ ᠳᠤ ᠡᠳᠦᠷ ᠲᠤ 150 ᠲᠥᠭᠦᠷᠢᠭ ᠤᠨ ᠴᠠᠯᠢᠩ ᠢᠶᠠᠷ ᠭᠠᠴᠠᠭᠠᠨ ᠤ ᠠᠷᠠᠳ ᠢ ᠤᠷᠢᠨ ᠬᠡᠷᠡᠭᠯᠡᠵᠦ᠂ | ᠲᠤᠲᠤᠷᠭ᠎ᠠ ᠶᠢᠨ ᠲᠠᠷᠢᠶᠠᠨ ᠳᠤ ᠬᠠᠮᠢᠶᠠᠷᠤᠯᠲᠠ ᠬᠢᠯᠭᠡᠵᠤ᠂ ᠨᠡᠶᠢᠲᠡ 47 ᠲᠣᠰᠬᠤᠨ ᠤ ᠠᠷᠠᠳ ᠡ᠊ᠨᠳᠡ ᠬᠥᠯᠥᠰᠥᠨ | ᠠᠵᠢᠯ ᠬᠢᠵᠦ ᠣᠷᠣᠯᠭ᠎ᠠ ᠪᠠᠨ ᠨᠡᠮᠡᠭᠳᠡᠭᠦᠯᠵᠡᠶ ᠭᠡᠨ᠎ᠠ᠃ | ᠪᠠᠳᠠᠷᠠᠩᠭᠤᠢ ᠭᠠᠴᠠᠭ᠎ᠠ ᠪᠣᠯ ︽ᠪᠠᠳᠠᠷᠠᠩᠭᠤᠢ ᠲᠤᠲᠤᠷᠭ᠎ᠠ︾ ᠶᠢᠨ ᠭᠤᠣᠯ ᠭᠠᠷᠤᠯᠲᠠ ᠶᠢᠨ ᠣᠷᠣᠨ ᠪᠣᠯᠤᠨ᠎ᠠ᠂ | ᠭᠠᠴᠠᠭᠠᠨ ᠤ 80% ᠠᠴᠠ ᠳᠡᠭᠡᠭᠰᠢᠬᠢ ᠭᠠᠴᠠᠭᠠᠨ ᠤ ᠠᠷᠠᠳ ᠴᠥᠮ ᠤᠰᠤᠨ ᠲᠤᠲᠤᠷᠭ᠎ᠠ ᠲᠠᠷᠢᠬᠤ ᠪᠠᠷ ᠭᠤᠣᠯ | ᠪᠤᠯᠭᠠᠳᠠᠭ᠃ ᠡᠨᠡ ᠬᠦ ᠮᠣᠩᠭᠤᠯ ᠦᠨᠳᠦᠰᠦᠲᠡᠨ᠂ ᠰᠣᠯᠣᠩᠭᠤᠰ ᠦᠨᠳᠦᠰᠦᠲᠡᠨ᠂ ᠮᠠᠨᠵᠤ ᠦᠨᠳᠦᠰᠦᠲᠡᠨ᠂ ᠬᠢᠲᠠᠳ | ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠳᠤ᠂ ᠶᠡᠭᠡ ᠲᠠᠷᠢᠶᠠᠨ ᠤ ᠤᠰᠤᠨ ᠲᠤᠲᠤᠷᠭ᠎ᠠ ᠠᠴᠠ ᠭᠠᠳᠠᠨ᠎ᠠ᠂ | ᠠᠶᠢᠯ ᠡᠷᠦᠬᠡ ᠶᠢᠨ ᠬᠦᠷᠢᠶ᠎ᠡ ᠬᠠᠰᠢᠶᠠᠨ ᠳᠣᠲᠣᠷ᠎ᠠ ᠴᠤ ᠤᠰᠤᠨ ᠲᠤᠲᠤᠷᠭ᠎ᠠ ᠬᠠᠷᠠᠭᠳᠠᠳᠠᠭ᠃ ᠲᠣᠰ ᠭᠠᠴᠠᠭ᠎ᠠ | ᠬᠥᠷᠥᠰᠥ ᠰᠢᠷᠣᠶ ᠥᠩ ᠰᠢᠮᠡᠯᠢᠭ᠂ ᠤᠰᠤ ᠨᠢ ᠲᠤᠩᠭᠠᠯᠠᠭ᠂ ᠭᠡᠷᠡᠯ ᠤᠨ ᠲᠤᠰᠤᠯᠲᠠ ᠭᠦᠶ᠋ᠴᠡᠳ ᠵᠡᠷᠭᠡ | ᠪᠠᠶᠢᠭᠠᠯᠢ ᠶᠢᠨ ᠨᠥᠬᠦᠴᠡᠯ ᠳᠤ ᠲᠦᠰᠢᠭᠯᠡᠨ᠂ ᠬᠠᠰᠢᠶ᠎ᠠ ᠬᠦᠷᠢᠶᠡᠨ ᠤ ᠪᠡᠯᠡ ᠣᠷᠣᠭᠤᠯᠤᠯᠲᠠ ᠪᠠᠭ᠎ᠠ᠂ ᠦᠷ᠎ᠡ | ᠪᠦᠲᠦᠮᠵᠢ ᠲᠦᠷᠭᠡᠨ᠂ ᠲᠦᠭᠰᠢᠭᠦᠷᠢ ᠪᠠᠭ᠎ᠠ᠂ ᠦᠷ᠎ᠡ ᠠᠰᠢᠭ ᠶᠡᠭᠡ᠂ ᠡᠵᠡᠩᠨᠡᠯᠲᠡ ᠠᠮᠢᠳᠤᠯᠢᠭ ᠪᠠᠢᠶ᠋ᠬᠤ | ᠳᠠᠪᠠᠭᠤᠯᠢᠭ ᠢᠶᠠᠨ ᠪᠠᠳᠠᠷᠠᠭᠤᠯᠵᠤ᠂ ᠭᠡᠷ ᠤᠨ ᠡᠮᠦᠨ᠎ᠠ ᠠᠷᠤ ᠬᠠᠰᠢᠶ᠎ᠠ ᠬᠦᠷᠢᠶᠡᠨ ᠤ ᠤᠰᠤᠨ ᠲᠤᠲᠤᠷᠭ᠎ᠠ ᠲᠠᠷᠢᠬᠤ | ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠡᠢ᠃ ︽ᠤᠰᠤᠨ ᠲᠤᠲᠤᠷᠭ᠎ᠠ ᠶᠢᠨ | ᠲᠠᠷᠢᠮᠠᠯ ᠤᠨ ᠠᠰᠢᠭ ᠣᠷᠣᠯᠭ᠎ᠠ ᠨᠢ ᠪᠤᠰᠤᠳ ᠲᠠᠷᠢᠮᠠᠯ ᠠᠴᠠ ᠬᠤᠯᠠ ᠢᠯᠡᠭᠦᠤ ᠪᠠᠶᠢᠳᠠᠭ᠃ 4 ᠮᠦ ᠲᠠᠷᠢᠶ᠎ᠠ ᠠᠴᠠ 1. | 2 ᠲᠦᠮᠡᠨ ᠲᠥᠭᠦᠷᠢᠭ ᠤᠨ ᠣᠷᠣᠯᠭ᠎ᠠ ᠲᠠᠢ ᠪᠠᠶᠢᠵᠤ᠂ ᠬᠠᠮᠢᠶᠠᠷᠤᠯᠲᠠ ᠶᠢᠨ ᠲᠠᠯ᠎ᠠ ᠪᠠᠷ ᠴᠤ ᠪᠤᠳᠤᠯᠢᠶᠡᠨ ᠦᠭᠡᠢ︾ | ᠭᠡᠵᠤ ᠲᠣᠰ ᠭᠠᠴᠠᠭᠠᠨ ᠤ ᠮᠠᠨᠵᠤ ᠦᠨᠳᠦᠰᠦᠲᠡᠨ ᠤ ᠠᠷᠠᠳ ᠶᠢᠨ ᠳ᠋ᠢᠶᠠᠨ ᠪᠦᠸᠧ ᠲᠤᠲᠤᠷᠭ᠎ᠠ ᠶᠢᠨ ᠲᠦᠷᠦᠭᠦᠦ ᠶᠢ | ᠡᠷᠭᠦᠵᠦ᠂ ᠡᠨᠡ ᠵᠢᠯ ᠤᠨ ᠣᠷᠣᠯᠭ᠎ᠠ ᠳᠤ ᠪᠠᠨ ᠢᠲᠡᠭᠡᠯ ᠳᠦᠭᠦᠷᠡᠩ ᠶᠠᠷᠢᠨ᠎ᠠ᠃ | ᠡ᠊ᠨᠳᠡ᠂ ᠨᠡᠶᠢᠲᠡ 260 ᠡᠷᠦᠬᠡ ᠲᠣᠰᠬᠤᠨ ᠤ ᠠᠷᠠᠳ ᠶᠢᠨ ᠳ᠋ᠢᠶᠠᠨ ᠪᠦᠸᠧ ᠲᠠᠢ ᠠᠳᠠᠯᠢ ᠪᠠᠷ ᠬᠠᠰᠢᠶ᠎ᠠ | ᠬᠦᠷᠢᠶᠡᠨ ᠳᠤ ᠪᠠᠨ ᠤᠰᠤᠨ ᠲᠤᠲᠤᠷᠭ᠎ᠠ ᠲᠠᠷᠢᠵᠤ ᠪᠤᠢ᠃ ᠠᠯᠳᠠᠨ ᠨᠠᠮᠤᠷ ᠤᠨ ᠲᠤᠳᠤᠷᠭ᠎ᠠ ᠰᠢᠷ᠎ᠠ ᠪᠤᠯᠬᠤ ᠳᠤ | ᠬᠠᠰᠢᠶ᠎ᠠ ᠬᠦᠷᠢᠶᠡᠨ ᠤ ᠠᠵᠤ ᠠᠬᠤᠢ ᠶᠢ ᠠᠳᠠᠯᠢᠬᠠᠨ ᠬᠥᠭᠵᠢᠭᠦᠯᠦᠭᠰᠡᠨ ᠭᠦᠢᠯᠡᠷ ᠪᠠᠯᠭᠠᠰᠤᠨ ᠤ ᠭᠤᠸᠠᠩ ᠷᠦᠩ | ᠭᠠᠴᠠᠭ᠎ᠠ ᠶᠢᠨ ᠣᠷᠣᠯᠭ᠎ᠠ ᠪᠠᠨ ᠨᠡᠮᠡᠭᠳᠡᠭᠦᠯᠬᠦ ᠴᠢᠨᠡᠭᠡᠯᠢᠭᠵᠢᠯ ᠤᠨ ᠵᠠᠮ ᠨᠢ ᠬᠠᠷᠢᠨ ᠣᠨᠳᠣᠣ ᠶᠠᠩᠵᠤ ᠶᠢᠨ ︽ᠤᠯᠠᠭᠠᠨ | ︾ ᠦᠡᠭᠭᠡ ᠶᠢᠨ ᠪᠠᠶᠢᠯ᠎ᠠ᠃ ᠡᠷᠦᠬᠡ ᠪᠦᠷᠢ ᠶᠢᠨ ᠬᠦᠷᠢᠶᠡᠨ ᠳᠣᠲᠣᠷ᠎ᠠ ᠭᠠᠯ ᠤᠯᠠᠭᠠᠨ ᠯᠠᠵᠤᠤ ᠪᠠᠶᠢᠬᠤ ᠨᠢ ᠲᠤᠰ | ᠭᠠᠴᠠᠭᠠᠨ ᠤ ᠨᠠᠮ ᠤᠨ ᠡᠭᠦᠷ ᠤᠨ ᠱᠦᠵᠢ ᠸᠠᠩ ᠭᠦᠸᠧ ᡁᠢ ᠶᠢ ᠮᠠᠰᠢ ᠪᠠᠶᠠᠷᠯᠠᠭᠤᠯᠵᠠᠢ᠃ ᠡᠯᠪᠡᠭ ᠬᠤᠷᠢᠶᠠᠯᠲᠠ ᠶᠢᠨ | ᠴᠠᠭ ᠮᠥᠴᠡ ᠳᠤ᠂ ᠲᠤᠲᠤᠷᠭ᠎ᠠ ᠶᠢᠨ ᠰᠢᠷ᠎ᠠ ᠪᠣᠯᠤᠨ ᠯᠠᠵᠤᠤ ᠶᠢᠨ ᠤᠯᠠᠭᠠᠨ ᠨᠢ ᠠᠶᠢᠯ ᠡᠷᠦᠬᠡ ᠪᠣᠯᠭᠠᠨ ᠢ ᠴᠢᠮᠡᠵᠦ | ᠲᠣᠰᠬᠤᠨ ᠤ ᠠᠷᠠᠳ ᠲᠤ ᠣᠷᠣᠯᠭ᠎ᠠ ᠪᠠᠨ ᠨᠡᠮᠡᠭᠳᠡᠭᠦᠯᠬᠦ ᠪᠠᠶᠠᠷ ᠪᠠᠭ᠋ᠠᠳᠤᠯ ᠢ ᠠᠪᠴᠢᠷᠠᠵᠠᠶ᠃ | ᠤᠰᠤᠨ ᠲᠤᠳᠤᠷᠭ᠎ᠠ ᠪᠤᠯ ᠪᠠᠳᠠᠷᠠᠩᠭᠤᠢ ᠭᠠᠴᠠᠭ᠎ᠠ ᠶᠢᠨ ᠪᠠᠶᠠᠵᠢᠨ ᠴᠢᠨᠡᠭᠡᠯᠢᠭᠵᠢᠬᠦ ᠨᠢᠭᠡ ᠲᠦᠷᠦᠯ ᠤᠨ ᠭᠤᠤᠯᠯᠠᠬᠤ | ᠠᠵᠦ ᠤᠢᠢᠯᠡᠰ ᠪᠤᠯᠬᠤ ᠪᠦᠭᠡᠳ ᠭᠦᠢᠯᠡᠷ ᠪᠠᠯᠭᠠᠰᠦ ᠶᠢᠨ ᠬᠦᠭᠵᠢᠯᠲᠠ ᠪᠠᠨ ᠲᠦᠷᠭᠡᠳᠭᠡᠬᠦ ᠲᠤᠯᠭᠠᠭᠤᠷᠢ ᠠᠵᠦ | ᠤᠢᠢᠯᠡᠰ ᠤᠨ ᠨᠢᠭᠡ ᠪᠤᠯᠦᠨ᠎ᠠ᠃ ᠤᠢᠢᠷ᠎ᠠ ᠶᠢᠨ ᠵᠢᠯ ᠳᠤ᠂ ᠲᠤᠰ ᠪᠠᠯᠭᠠᠰᠦ ︽ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠦ ᠤᠢᠢᠯᠡᠰ ᠢᠶᠠᠷ ᠭᠠᠴᠠᠭ᠎ᠠ ᠲᠤᠰᠬᠤᠨ ᠢ ᠬᠦᠭᠵᠢᠭᠦᠯᠦᠨ ᠬᠤᠰᠢᠭᠤ ᠶᠢ ᠬᠦᠴᠦᠷᠭᠡᠭᠵᠢᠭᠦᠯᠬᠦ︾ | ᠲᠦᠷᠦᠯ ᠵᠦᠢᠯ ᠳᠤ ᠲᠦᠰᠢᠭᠯᠡᠨ᠂ ᠶᠡᠷᠦᠩᠬᠡᠶᠢᠯᠡᠭᠰᠡᠨ ᠡᠳ᠋ᠰᠢᠭᠦᠯᠵᠤ ᠪᠤᠯᠪᠠᠰᠦᠷᠠᠭᠤᠯᠬᠤ ᠤᠢᠢᠯᠡᠳᠪᠦᠷᠢᠯᠡᠯ ᠤᠨ | ᠤᠢᠢᠯᠡᠴᠢᠯᠡᠭᠡᠨ ᠤ ᠲᠤᠭᠤᠷᠢᠬ ᠢ ᠪᠦᠬᠦ ᠬᠦᠴᠦᠨ ᠢᠶᠠᠷ ᠪᠠᠶᠢᠭᠤᠯᠵᠦ᠂ ᠤᠶᠤᠨᠴᠢ ᠪᠠᠷ ᠨᠠᠬᠢᠶᠠᠯᠠᠭᠤᠯᠬᠤ᠂ | ᠮᠧᠬᠠᠨᠢᠭ ᠢᠶᠠᠷ ᠦᠷᠦᠵᠦ ᠰᠠᠭᠤᠯᠭᠠᠬᠤ ᠵᠡᠷᠭᠡ ᠰᠢᠨᠵᠢᠯᠡᠬᠦ ᠤᠬᠠᠭᠠᠨᠴᠢ ᠲᠠᠷᠢᠬᠤ ᠠᠷᠭ᠎ᠠ ᠠᠪᠴᠠᠯ ᠢᠶᠠᠷ ᠬᠤᠷᠢᠶᠠᠬᠤ | ᠬᠦᠷᠲᠡᠯᠡᠬᠢ ᠪᠦᠬᠦ ᠶᠠᠪᠤᠴᠠ ᠶᠢᠨ ᠮᠠᠰᠢᠨᠴᠢᠯᠠᠯᠳᠠ ᠶᠢ ᠦᠨᠳᠦᠰᠦᠨ ᠳᠤ ᠪᠠᠨ ᠪᠠᠶᠠᠯᠠᠭᠦᠯᠵᠠᠢ᠃ ᠤᠰᠤᠨ | ᠳᠤᠳᠤᠷᠭ᠎ᠠ ᠶᠢᠨ ᠴᠢᠬᠢ ᠨᠠᠬᠢᠶᠠᠯᠠᠭᠤᠯᠬᠤ ᠲᠠᠰᠤᠬ ᠪᠠᠶᠢᠭᠤᠯᠬᠤ᠂ ᠲᠠᠷᠢᠶᠠᠯᠠᠩ ᠤᠨ ᠮᠠᠰᠢᠨ ᠤ ᠤᠢᠢᠯᠡᠴᠢᠯᠡᠭᠡᠨ ᠤ | ᠠᠩᠬᠢ ᠶᠢ ᠪᠠᠶᠢᠭᠤᠯᠬᠤ᠂ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢ ᠬᠤᠳᠠᠯᠳᠤᠨ ᠠᠪᠴᠢᠷᠠᠬᠤ᠂ | ᠡᠯᠧᠺᠲᠷᠤᠨ ᠬᠤᠳᠠᠯᠳᠤᠭᠠᠨ ᠤ ᠰᠦᠯᠵᠢᠶᠠᠨ ᠤ ᠦᠷᠲᠡᠭᠡ ᠶᠢ ᠲᠠᠩᠰᠠᠯᠠᠭᠤᠯᠬᠤ ᠁ ᠵᠡᠷᠭᠡ ᠬᠦᠭᠵᠢᠯᠲᠠ ᠶᠢᠨ | ᠠᠷᠭ᠎ᠠ ᠵᠠᠮ ᠢ ᠪᠦᠬᠦ ᠲᠠᠯ᠎ᠠ ᠪᠠᠷ ᠨᠡᠭᠡᠭᠡᠵᠦ᠂ ᠲᠤᠰ ᠪᠠᠯᠭᠠᠰᠦᠨ ᠤ ᠤᠰᠤᠨ ᠲᠤᠳᠤᠷᠭ᠎ᠠ ᠶᠢᠨ ᠠᠵᠦ ᠤᠢᠢᠯᠡᠰ ᠤᠨ | ᠤᠯᠠᠮ ᠨᠢᠭᠡ ᠠᠯᠬᠤᠮ ᠤᠨ ᠬᠦᠭᠵᠢᠯᠲᠠ ᠳᠤ ᠪᠠᠲᠦ ᠪᠠᠬᠢ ᠰᠠᠭᠤᠷᠢ ᠲᠠᠯᠪᠢᠵᠦ᠂ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠦ ᠤᠢᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠰᠢᠨ᠎ᠠ ᠦᠷᠨᠢᠯᠲᠠ ᠶᠢ ᠪᠤᠢ ᠪᠤᠯᠭᠠᠵᠦ᠂ ᠬᠤᠲᠠ ᠬᠦᠳᠡᠭᠡ ᠶᠢᠨ ᠵᠦᠷᠢᠶ᠎ᠠ ᠶᠢ | ᠪᠠᠭᠠᠰᠬᠠᠵᠤ ᠠᠭᠤᠰᠦᠯᠴᠠᠨ ᠬᠦᠭᠵᠢᠬᠦ ᠶᠢ ᠠᠬᠢᠭᠤᠯᠬᠤ ᠳᠤ ᠲᠦᠯᠬᠢᠴᠡ ᠤᠢᠢᠯᠡᠳᠦᠯ ᠦᠵᠡᠭᠦᠯᠵᠠᠢ᠃ | ︽ᠨᠢᠭᠡ ᠭᠠᠴᠠᠭ᠎ᠠ ᠲᠣᠰᠬᠤᠨ ᠨᠢᠭᠡ ᠲᠦᠷᠦᠯ ᠵᠦᠢᠯ︾ ᠤᠨ ᠤᠨᠴᠠᠯᠢᠬᠳᠤ ᠠᠵᠤ ᠦᠢᠯᠡᠰ ᠪᠣᠯ ᠭᠦᠢᠯᠡᠷ | ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠶᠢ ᠪᠠᠬᠢᠵᠢᠭᠦᠯᠬᠦ ᠲᠤᠯᠭᠠᠭᠤᠷᠢ ᠪᠣᠯᠤᠨ᠎ᠠ᠃ ᠭᠦᠢᠯᠡᠷ ᠪᠠᠯᠭᠠᠰᠤᠨ ᠳᠤ | ᠮᠣᠩᠭᠤᠯ ᠦᠨᠳᠦᠰᠦᠲᠡᠨ ᠢᠶᠠᠷ ᠭᠤᠣᠯ ᠪᠣᠯᠭᠠᠭᠰᠠᠨ ᠴᠥᠭᠡᠨ ᠲᠣᠭᠠᠲᠤ ᠦᠨᠳᠦᠰᠦᠲᠡᠨ ᠪᠦᠬᠦ ᠪᠠᠯᠭᠠᠰᠤᠨ ᠤ ᠬᠥᠮᠦᠨ | ᠠᠮᠠ ᠶᠢᠨ 63% ᠶᠢ ᠡᠵᠡᠯᠡᠵᠦ᠂ ᠡᠷᠲᠡᠨ ᠠᠴᠠ ᠪᠠᠨ ᠠᠪᠤᠭᠠᠳ ᠮᠠᠯ ᠲᠡᠵᠢᠭᠡᠳᠡᠭ ᠵᠠᠩᠰᠢᠯ ᠲᠠᠢ ᠶᠤᠮ᠃ | ᠰᠤᠷᠪᠤᠯᠵᠢᠯᠠᠬᠴᠢ ᠬᠤᠯᠠ ᠤᠢᠢᠷ᠎ᠠ ᠳᠤ ᠪᠠᠨ ᠠᠯᠳᠠᠷᠰᠢᠬᠰᠠᠨ ︽ᠦᠬᠡᠷ ᠲᠡᠵᠢᠭᠡᠬᠦ ᠲᠤᠰᠬᠤᠨ︾ ᠤᠯᠠᠭᠠᠨᠭᠡᠷᠡᠯ | ᠭᠠᠴᠠᠭᠠᠨ ᠳᠤ ᠬᠦᠷᠦᠭᠰᠡᠨ ᠪᠠᠶᠢᠨ᠎ᠠ᠃ ᠦᠨᠡᠨᠴᠢ ᠪᠣᠷᠣᠭᠵᠢᠭᠤᠨ ᠢᠨᠢᠶᠡᠮᠰᠦᠭᠯᠡᠯ᠂ ᠡᠪᠡᠷᠰᠢᠭᠰᠡᠨ ᠬᠤᠶᠠᠷ ᠭᠠᠷ᠂ | ᠱᠠᠬᠠᠢ ᠨᠢ ᠰᠢᠪᠠᠷ ᠨᠠᠭᠠᠯᠳᠤᠭᠰᠠᠨ ᠁ ᠭᠦᠢᠯᠡᠷ ᠪᠠᠯᠭᠠᠰᠤᠨ ᠤ ᠤᠯᠠᠭᠠᠨᠭᠡᠷᠡᠯ ᠭᠠᠴᠠᠭ᠎ᠠ ᠶᠢᠨ ᠨᠠᠮ ᠤᠨ ᠡᠭᠦᠷ ᠤᠨ | ᠱᠦᠵᠢ ᠬᠠᠨ ᠲᠦᠩ ᠰᠦᠸᠧ ᠲᠠᠢ ᠠᠭᠤᠯᠵᠠᠬᠤ ᠳᠤ᠂ ᠨᠢᠳᠤᠨ ᠡᠮᠦᠨᠡᠬᠢ ᠲᠡᠭᠦᠨ ᠢ ᠶᠠᠭᠠᠬᠢᠭᠰᠡᠨ ᠴᠦ ︽ᠦᠬᠡᠷ | ᠲᠡᠵᠢᠭᠡᠬᠦ ᠸᠠᠩ︾ ᠬᠡᠮᠡᠨ ᠪᠤᠳᠤᠵᠤ ᠤᠯᠬᠤ ᠦᠭᠡᠢ ᠶᠤᠮ᠃ ᠣᠬᠤᠷᠬᠠᠨ ᠬᠡᠳᠦᠨ ᠵᠢᠯ ᠤᠨ ᠳᠣᠲᠣᠷ᠎ᠠ᠂ ᠬᠠᠨ | ᠲᠦᠩ ᠰᠦᠸᠧ ᠶᠢᠨ ᠳᠠᠭᠠᠭᠤᠯᠭ᠎ᠠ ᠳᠣᠣᠷ᠎ᠠ᠂ ᠲᠤᠰ ᠭᠠᠴᠠᠭᠠᠨ ᠤ ᠦᠬᠡᠷ ᠤᠨ ᠲᠤᠭ᠎ᠠ ᠬᠠᠮᠤᠭ ᠤᠨ ᠡᠬᠢᠨ ᠳᠤ ᠪᠠᠨ | 2000 ᠬᠦᠷᠬᠦ ᠦᠭᠡᠶ ᠪᠠᠶᠢᠭᠰᠠᠨ ᠠᠴᠠ ᠣᠳᠣ 5000 ᠭᠠᠷᠤᠶ ᠪᠣᠯᠵᠤ᠂ ᠲᠡᠵᠢᠭᠡᠨ ᠦᠷᠡᠵᠢᠭᠦᠯᠬᠦ ᠠᠵᠤ | ᠦᠶ᠋ᠯᠡᠰ ᠤᠨ ᠠᠬᠢᠴᠠ ᠳᠦᠷᠭᠡᠰᠴᠤ᠂ ︽ᠦᠬᠡᠷ︾ ᠤᠨ ᠠᠵᠤ ᠦᠢᠯᠡᠰ ᠨᠢ ᠠᠷᠠᠳ ᠢ ᠪᠠᠶᠠᠵᠢᠭᠤᠯᠬᠤ ᠨᠢᠭᠤᠴᠠ | ᠵᠤᠷ ᠪᠤᠯᠵᠠᠢ᠃ | ᠤᠯᠠᠭᠠᠨᠭᠡᠷᠡᠯ ᠭᠠᠴᠠᠭᠠᠨ ᠳᠠᠬᠢ ᠭᠦᠢᠯᠡᠷ ᠪᠠᠯᠭᠠᠰᠤᠨ ᠤ ᠠᠯᠠᠰᠢᠨ ᠦᠬᠡᠷ ᠢᠶᠠᠷ ᠶᠠᠳᠠᠭᠤ ᠶᠢ ᠲᠡᠳᠬᠦᠬᠦ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠲᠤ᠂ ᠪᠦᠬᠦ ᠪᠠᠯᠭᠠᠰᠤᠨ ᠤ 1000 ᠰᠢᠮᠧᠨ᠋ᠲᠠᠷ ᠦᠬᠡᠷ | ᠬᠠᠰᠢᠶᠠᠨ ᠳᠤ ᠪᠠᠨ ᠨᠡᠷᠡᠨ ᠳᠤ ᠡᠭᠡᠭᠡᠵᠦ ᠬᠡᠪᠳᠡᠨ᠎ᠠ᠃ ᠲᠤᠰ ᠲᠣᠭᠤᠷᠢᠭ ᠨᠢ ᠬᠤᠷᠰᠢᠶᠠᠵᠢᠯ ᠤᠨ ᠡᠵᠡᠩᠨᠡᠯᠲᠡ | ᠬᠠᠮᠢᠶᠠᠷᠤᠯᠲᠠ ᠳᠤ ᠲᠦᠰᠢᠭᠯᠡᠨ᠂ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠵᠤ᠂ | ᠪᠣᠬᠢᠷᠲᠤᠯ ᠥᠬᠡᠶ ᠠᠮᠢ ᠠᠬᠤᠶ ᠶᠢᠨ ᠲᠡᠵᠢᠭᠡᠨ ᠦᠷᠡᠵᠢᠭᠦᠯᠬᠦ ᠪᠣᠷᠳᠣᠭᠠᠨ ᠤ ᠦᠬᠡᠷ ᠢᠶᠠᠷ ᠭᠤᠤᠯ ᠪᠣᠯᠭᠠᠵᠤ᠂ | ᠥᠩᠭᠡᠷᠡᠭᠰᠡᠨ ᠤ ᠤᠯᠠᠮᠵᠢᠯᠠᠯᠲᠤ ᠲᠠᠷᠠᠬᠠᠶ ᠪᠤᠳᠠᠷᠬᠠᠢ ᠲᠡᠵᠢᠭᠡᠬᠦ ᠵᠠᠭᠪᠤᠷ ᠠᠴᠠ ᠪᠠᠷᠢᠮᠵᠢᠶᠠᠵᠢᠭᠰᠠᠨ ᠴᠢᠨᠠᠷ ᠰᠠᠶᠢᠲᠠᠶ | ᠠᠯᠠᠰᠢᠨ ᠦᠬᠡᠷ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠠᠶᠢᠳᠠᠨ ᠬᠠᠮᠢᠶᠠᠷᠤᠭᠤᠯᠬᠤ ᠲᠣᠭᠤᠷᠢᠭ ᠪᠣᠯᠭᠠᠨ | ᠬᠤᠪᠢᠷᠠᠭᠤᠯᠪᠠ᠃ ︽ᠪᠢᠳᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢᠶᠠᠷ ᠲᠠᠷᠢᠶᠠᠴᠢᠨ ᠡᠷᠦᠬᠡ ᠵᠢᠴᠢ ᠶᠠᠳᠠᠭᠤ | ᠬᠦᠴᠢᠷᠳᠡᠯ ᠲᠠᠢ ᠡᠷᠦᠬᠡ ᠶᠢ ᠨᠥᠯᠥᠭᠡᠯᠡᠨ ᠲᠡᠵᠢᠭᠡᠨ ᠦᠷᠡᠵᠢᠭᠦᠯᠬᠦ ᠳᠤ ᠣᠷᠣᠯᠴᠠᠭᠤᠯᠵᠤ᠂ ᠠᠰᠢᠭ ᠲᠤᠰᠠ ᠶᠢᠨ | ᠬᠤᠯᠪᠣᠭ᠎ᠠ ᠨᠢᠭᠲᠠ ᠪᠠᠶᠢᠭ᠎ᠠ ᠶᠠᠳᠠᠭᠤ ᠬᠦᠴᠢᠷᠳᠡᠯ ᠲᠠᠢ ᠡᠷᠦᠬᠡ ᠶᠢᠨ ᠦᠬᠡᠷ ᠬᠤᠳᠠᠯᠳᠤᠨ ᠠᠪᠬᠤ᠂ ᠨᠠᠶᠢᠳᠠᠨ | ᠬᠠᠮᠢᠶᠠᠷᠤᠭᠤᠯᠬᠤ᠂ ᠡᠭᠡᠬᠦᠯᠤᠨ ᠬᠤᠳᠠᠯᠳᠤᠨ ᠠᠪᠬᠤ ᠬᠡᠯᠬᠢᠶ᠎ᠡ ᠦᠢᠯᠡᠴᠢᠯᠡᠭᠡ ᠶᠢᠨ ᠶᠠᠳᠠᠭᠤ ᠶᠢ ᠲᠡᠳᠬᠦᠬᠦ ᠵᠠᠭᠪᠤᠷ ᠢ | ᠪᠠᠶᠢᠭᠤᠯᠵᠠᠢ︾ ᠭᠡᠵᠦ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠤ ᠯᠢᠨ ᠹᠦ᠋ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠲᠤᠰᠬᠠᠶ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠴᠧᠨ ᠯᠢ ᠰᠢᠨ ᠲᠠᠨᠢᠯᠴᠠᠭᠤᠯᠵᠦ | ᠪᠠᠶᠢᠯ᠎ᠠ᠃ |