ᠬᠤᠨᠢ ᠬᠠᠰᠢᠶᠠᠯᠠᠨ ᠳᠡᠵᠢᠭᠡᠬᠦ ᠳᠤᠬᠠᠢ ᠮᠡᠷᠭᠡᠵᠢᠯ
ᠨᠡᠶᠢᠲᠡᠯᠡᠭᠰᠡᠨ ᠴᠠᠭ᠄
2020/12/8
   ᠨᠢᠭᠡ᠂ ᠬᠠᠰᠢᠶ᠎ᠠ ᠰᠠᠷᠠᠪᠴᠢ ᠪᠠᠷᠢᠬᠤᠬᠤᠨᠢᠨ ᠫᠧᠩ ᠰᠠᠷᠠᠪᠴᠢ ᠶᠢ ᠰᠠᠯᠬᠢ ᠳᠠᠯᠳᠠᠯᠠᠵᠤ ᠨᠠᠷᠠ ᠰᠠᠶᠢᠨ ᠳᠤᠰᠬᠤ ᠪᠠ ᠡᠪᠤᠯ ᠳᠤᠯᠠᠭᠠᠨ ᠵᠤᠨ ᠰᠡᠷᠢᠭᠦᠨ ᠪᠠᠶᠢᠯᠭᠠᠬᠤ ᠶᠠᠩᠵᠤ ᠪᠠᠷ ᠪᠠᠷᠢᠪᠠᠯ ᠬᠠᠮᠤᠭ ᠤᠨ ᠰᠠᠶᠢᠨ᠃ ᠨᠢᠭᠡ ᠬᠤᠨᠢ ᠳᠤ 1 ᠳᠡᠭᠰᠢ ᠳᠦᠷᠪᠡᠯᠵᠢᠨ ᠮᠧᠳ᠋ᠷ ᠳᠠᠯᠠᠪᠠᠢ ᠲᠠᠢ ᠭᠠᠵᠠᠷ ᠨᠤᠭᠳᠠᠭᠤᠯᠤᠨ᠂ ᠰᠠᠷᠠᠪᠴᠢ ᠶᠢᠨ ᠭᠠᠳᠠᠭᠤᠷ ᠬᠦᠳᠡᠯᠭᠡᠭᠡᠨ ᠤ ᠳᠠᠯᠠᠪᠤᠷ ᠪᠠᠶᠢᠬᠤ ᠬᠡᠷᠡᠭᠳᠡᠢ᠃ ᠳᠠᠯᠠᠪᠤᠷ ᠤᠨ ᠳᠠᠯᠠᠪᠠᠢ ᠨᠢ ᠫᠧᠩ ᠰᠠᠷᠠᠪᠴᠢ ᠶᠢᠨ ᠳᠠᠯᠠᠪᠠᠢ ᠶᠢᠨ 3 ᠳᠠᠬᠢᠨ ᠪᠠᠶᠢᠪᠠᠯ ᠵᠤᠬᠢᠨ᠎ᠠ᠃ ᠡᠭᠦᠨ ᠳᠤ ᠡᠪᠡᠰᠤ ᠪᠤᠷᠳᠤᠭ᠎ᠠ ᠬᠢᠵᠤ ᠦᠭᠬᠦ ᠪᠤᠶᠤ ᠤᠰᠤᠯᠠᠬᠤ ᠤᠩᠭᠤᠴᠠ ᠵᠡᠷᠭᠡ ᠶᠢ ᠭᠦᠢᠴᠡᠳ ᠪᠡᠯᠡᠳᠭᠡᠬᠦ ᠬᠡᠷᠡᠭᠳᠡᠢ᠃    ᠬᠤᠶᠠᠷ᠂ ᠡᠪᠡᠰᠤ ᠪᠤᠷᠳᠤᠭ᠎ᠠ ᠪᠡᠯᠡᠳᠭᠡᠬᠦᠬᠤᠨᠢ ᠶᠢ ᠬᠠᠰᠢᠶᠠᠯᠠᠨ ᠳᠡᠵᠢᠭᠡᠬᠦ ᠳᠤ ᠬᠤᠨᠢ ᠪᠦᠷᠢ ᠳᠤ ᠵᠢᠯ ᠳᠤ ᠡᠰᠢ ᠰᠦᠷᠡᠯ ᠪᠤᠯᠤᠨ ᠬᠠᠭᠤᠷᠠᠢ ᠡᠪᠡᠰᠤ 300 — 400 ᠺᠢᠯᠦᠭᠷᠡᠮ᠂ ᠨᠠᠷᠢᠯᠢᠭ ᠪᠤᠷᠳᠤᠭ᠎ᠠ 60 — 100 ᠺᠢᠯᠦᠭᠷᠡᠮ ᠪᠡᠯᠡᠳᠭᠡᠬᠦ ᠬᠡᠷᠡᠭᠳᠡᠢ᠃ ᠡᠭᠦᠨ ᠳᠤ ᠡᠯ᠎ᠡ ᠵᠦᠢᠯ ᠤᠨ ᠳᠠᠷᠢᠶᠠᠯᠠᠩ ᠤᠨ ᠡᠰᠢ ᠰᠦᠷᠡᠯ ᠢ ᠬᠡᠷᠴᠢᠵᠤ ᠬᠡᠮᠭᠡᠯᠡᠵᠤ ᠢᠳᠡᠭᠦᠯᠪᠡᠯ ᠬᠡᠭᠡᠭᠳᠡᠵᠤ ᠤᠷᠬᠢᠭᠳᠠᠬᠤ ᠦᠭᠡᠢ ᠮᠦᠷᠳᠡᠭᠡᠨ ᠬᠤᠨᠢ ᠶᠢᠨ ᠢᠳᠡᠬᠦ ᠳᠤᠷᠠᠰᠢᠯ ᠢ ᠨᠡᠮᠡᠭᠳᠡᠭᠦᠯᠵᠤ ᠮᠦᠨ ᠰᠢᠮ᠎ᠡ ᠳᠡᠵᠢᠭᠡᠯ ᠢ ᠨᠡᠮᠡᠭᠳᠡᠭᠦᠯᠵᠤ ᠳᠡᠶᠢᠯᠦᠨ᠎ᠡ᠃    ᠭᠤᠷᠪᠠ᠂ ᠰᠢᠨᠵᠢᠯᠡᠬᠦ ᠤᠬᠠᠭᠠᠨᠴᠢ ᠪᠠᠷ ᠠᠷᠠᠴᠢᠯᠠᠵᠤ ᠳᠡᠵᠢᠭᠡᠬᠦᠬᠤᠨᠢ ᠳᠡᠵᠢᠭᠡᠬᠦ ᠳᠤ ᠪᠦᠳᠦᠭᠦᠯᠢᠭ ᠪᠤᠷᠳᠤᠭ᠎ᠠ ᠪᠠᠷ ᠭᠤᠤᠯᠯᠠᠵᠤ ᠨᠠᠷᠢᠯᠢᠭ ᠪᠤᠷᠳᠤᠭ᠎ᠠ ᠪᠠᠷ ᠨᠦᠬᠦᠪᠦᠷᠢᠯᠡᠨ ᠳᠡᠵᠢᠭᠡᠪᠡᠯ ᠰᠠᠶᠢᠨ᠃ ᠡᠭᠦᠨ ᠳᠤ ᠤᠷᠢᠳᠠᠪᠠᠷ ᠪᠦᠳᠦᠭᠦᠯᠢᠭ ᠪᠤᠷᠳᠤᠭ᠎ᠠ ︵ᠡᠰᠢ ᠰᠦᠷᠡᠯ ᠬᠠᠭᠤᠷᠠᠢ ᠡᠪᠡᠰᠤ︶ ᠪᠠᠷ ᠳᠡᠵᠢᠭᠡᠵᠤ᠂ ᠳᠠᠷᠠᠭ᠎ᠠ ᠨᠢ ᠬᠦᠭᠡ ᠪᠤᠷᠳᠤᠭ᠎ᠠ ᠪᠤᠶᠤ ᠳᠠᠷᠤᠰᠢᠭᠤᠯᠤᠭᠰᠠᠨ ᠪᠤᠷᠳᠤᠭ᠎ᠠ ᠪᠠᠷ ᠳᠡᠵᠢᠭᠡᠵᠤ᠂ ᠬᠠᠮᠤᠭ ᠰᠡᠭᠦᠯ ᠳᠤ ᠨᠠᠷᠢᠯᠢᠭ ᠪᠤᠷᠳᠤᠭ᠎ᠠ ᠢᠳᠡᠭᠦᠯᠬᠦ ᠬᠡᠷᠡᠭᠳᠡᠢ᠃ ᠡᠳᠦᠷ ᠲᠤ 2 — 3 ᠤᠳᠠᠭ᠎ᠠ ᠪᠤᠷᠳᠤᠭ᠎ᠠ ᠦᠭᠴᠤ᠂ 1 — 2 ᠤᠳᠠᠭ᠎ᠠ ᠤᠰᠤᠯᠠᠨ᠎ᠠ᠃ ᠬᠤᠨᠢ ᠳᠠᠭᠠᠨ ᠳᠠᠪᠤᠰᠤ ᠢᠳᠡᠭᠦᠯᠬᠦ ᠳᠤ ᠪᠦᠳᠦᠭᠦᠨ ᠬᠤᠨᠢ ᠪᠦᠷᠢ ᠳᠤ 5 — 10 ᠭᠷᠡᠮ ᠂ ᠦᠰᠪᠦᠷᠢ ᠶᠢᠨ ᠬᠤᠨᠢ ᠳᠤ 5 — 7 ᠭᠷᠡᠮ ᠦᠭᠪᠡᠯ ᠵᠤᠬᠢᠨ᠎ᠠ᠃ ᠪᠤᠷᠳᠤᠭ᠎ᠠ ᠶᠢᠨ ᠳᠦᠷᠦᠯ ᠵᠦᠢᠯ ᠪᠠ ᠳᠡᠵᠢᠭᠡᠬᠦ ᠠᠷᠭ᠎ᠠ ᠶᠢ ᠳᠤᠭᠳᠠᠪᠤᠷᠢᠳᠠᠢ ᠪᠠᠶᠢᠯᠭᠠᠪᠠᠯ ᠰᠠᠶᠢᠨ᠃    ᠳᠦᠷᠪᠡ᠂ ᠬᠠᠮᠢᠶᠠᠷᠤᠯᠳᠠ ᠶᠢᠨ ᠠᠵᠢᠯ ᠢ ᠴᠢᠩᠭᠠᠳᠬᠠᠬᠤᠭᠡᠭᠡᠯ ᠠᠪᠤᠭᠰᠠᠨ ᠡᠬᠡ ᠬᠤᠨᠢ ᠶᠢᠨ ᠭᠡᠭᠡᠯ ᠬᠠᠮᠠᠭᠠᠯᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠴᠢᠨᠠᠷ ᠨᠢ ᠬᠤᠪᠢᠷᠠᠭᠰᠠᠨ ᠪᠤᠷᠳᠤᠭ᠎ᠠ ᠪᠤᠶᠤ ᠬᠦᠯᠳᠡᠭᠦᠦ ᠪᠤᠷᠳᠤᠭ᠎ᠠ ᠶᠢ ᠢᠳᠡᠭᠦᠯᠬᠦ᠂ ᠮᠦᠷᠭᠦᠵᠤ ᠰᠢᠬᠠᠯᠳᠤᠬᠤ ᠶᠢ ᠰᠡᠷᠭᠡᠶᠢᠯᠡᠬᠦ ᠬᠡᠷᠡᠭᠳᠡᠢ᠃ ᠵᠤᠨ ᠤ ᠤᠯᠠᠷᠢᠯ ᠳᠤ ᠴᠢᠳᠠᠬᠤ ᠳᠠᠭᠠᠨ ᠰᠠᠷᠠᠪᠴᠢ ᠶᠢᠨ ᠭᠠᠳᠠᠨ᠎ᠠ ᠬᠤᠨᠤᠭᠯᠠᠵᠤ᠂ ᠰᠢᠬᠠᠯᠳᠤᠵᠤ ᠬᠠᠯᠠᠭᠤᠷᠠᠬᠤ ᠡᠪᠡᠳᠴᠢᠨ ᠤᠯᠬᠤ ᠠᠴᠠ ᠰᠡᠷᠭᠡᠶᠢᠯᠡᠬᠦ ᠬᠡᠷᠡᠭᠳᠡᠢ᠃ ᠫᠧᠩ ᠰᠠᠷᠠᠪᠴᠢ ᠶᠢ ᠰᠠᠶᠢᠳᠤᠷ ᠠᠷᠢᠯᠭᠠᠨ ᠴᠡᠪᠡᠷᠯᠡᠵᠤ ᠬᠠᠭᠤᠷᠠᠢ ᠰᠢᠷᠤᠢ᠂ ᠦᠨᠡᠰᠤ ᠳᠠᠪᠢᠰᠴᠤ ᠠᠷᠢᠭᠤᠨ ᠴᠡᠪᠡᠷ ᠪᠠᠶᠢᠯᠭᠠᠬᠤ ᠬᠡᠷᠡᠭᠳᠡᠢ᠃  ︵ᠮᠡᠷᠭᠡᠵᠢᠯ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号