ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽12 · 4︾ ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/9
  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠳᠣᠯᠣᠳᠤᠭᠠᠷ ᠣᠳᠠᠭᠠᠨ ᠤ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ 12 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠢᠨ ᠺᠠᠳ᠋ᠷ ᠴᠠᠭᠳᠠᠭ᠎ᠠ ᠪᠠᠨ ᠵᠤᠬᠢᠶᠠᠨ ᠪᠠᠶᠢᠭᠤᠯᠵᠦ᠂ ᠡᠮᠦᠨᠡᠲᠦ ᠬᠤᠰᠢᠭᠤᠨ ᠤ ᠬᠤᠷᠴᠢᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽12 · 4︾ ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃   ᠠᠵᠢᠯᠯᠠᠭᠠᠨ ᠤ ᠳᠤᠮᠳᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠨᠠᠭᠠᠰᠢ ᠴᠠᠭᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠠᠶᠢᠯᠪᠤᠷᠢᠯᠠᠵᠣ᠂ ᠣᠯᠠᠨ ᠲᠦᠮᠡᠨ ᠤ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠶᠣᠰᠣ ᠪᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠪᠠᠨ ᠭᠦᠢᠴᠡᠳᠬᠡᠬᠦ ᠶᠢ ᠬᠥᠲᠥᠯᠥᠨ ᠵᠢᠯᠣᠭᠤᠳᠴᠤ᠂ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠳᠠᠮᠵᠢᠭᠤᠯᠤᠨ ᠡᠯ᠎ᠡ ᠵᠤᠶᠢᠯ ᠤᠨ ᠵᠥᠷᠢᠴᠡᠯ ᠵᠢᠭᠤᠷᠠᠯᠳᠤᠭᠠᠨ ᠢ ᠰᠢᠶ᠋ᠳᠪᠦᠷᠢᠯᠡᠡ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃   ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠨᠳᠦᠰᠦᠨ ᠬᠠᠤᠯᠢ ᠶᠢ ᠡᠷᠬᠢᠮᠯᠡᠬᠦ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠢᠷᠭᠡᠳ ᠤᠨ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠳᠬᠠᠵᠣ᠂ ᠬᠠᠤᠯᠢ ᠶᠢ ᠵᠢᠷᠤᠮᠯᠠᠨ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠠᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号