ᠲᠤᠰ ᠰᠤᠨᠢᠨ ᠤ ᠮᠡᠳᠡᠭᠡ ᠤᠯᠠᠭᠠᠨᠮᠤᠳᠤ ᠲᠠᠯ᠎ᠠ ᠨᠤᠳᠤᠭ ᠤᠨ ᠦᠭᠡᠷ ᠬᠤᠨᠢᠨ ᠮᠢᠬᠠᠨ ᠤ ᠨᠡᠷᠡᠳᠦ ᠲᠡᠮᠳᠡᠭ ᠢ | ᠡᠭᠦᠳᠬᠦ ᠬᠦᠴᠦᠯᠡᠴᠡ ᠪᠠᠨ ᠴᠢᠩᠭᠠᠷᠠᠭᠤᠯᠵᠦ᠂ ᠨᠡᠷᠡᠳᠦ ᠲᠡᠮᠳᠡᠭ ᠢᠶᠠᠷ ᠬᠦᠭᠵᠢᠯᠳᠡ ᠶᠢ ᠬᠦᠳᠦᠯᠦᠨ ᠲᠠᠭᠠᠭᠤᠯᠵᠦ᠂ | ᠠᠵᠤ ᠦᠢᠯᠡᠰ ᠤᠨ ᠶᠠᠰᠤ ᠴᠢᠨᠠᠷ ᠢ ᠲᠡᠭᠡᠭᠰᠢᠯᠡᠭᠦᠯᠦᠨ ᠦᠷ᠎ᠠ ᠠᠰᠢᠭ ᠢ ᠨᠡᠮᠡᠭᠳᠡᠭᠦᠯᠵᠦ᠂ ᠶᠠᠳᠠᠭᠤ ᠬᠦᠴᠢᠷᠳᠡᠢ | ᠡᠷᠦᠭᠡ ᠶᠢᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠬᠤ ᠶᠢᠨ ᠲᠦᠯᠦᠭᠡ᠂ ᠤᠢᠢᠷ᠎ᠠ ᠳᠤ ᠬᠤᠷᠴᠢᠨ ᠪᠠᠷᠠᠭᠤᠨ ᠭᠠᠷᠤᠨ | ᠡᠮᠦᠨᠡᠳᠦ ᠬᠤᠰᠢᠭᠤᠨ ᠤ ᠤᠯᠠᠭᠠᠨᠮᠤᠳᠤ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠲᠤᠰ | ᠬᠤᠰᠢᠭᠤᠨ ᠤ ᠤᠯᠠᠭᠠᠨᠳᠤᠶᠠᠭ᠎ᠠ ᠲᠡᠵᠢᠭᠡᠨ ᠦᠷᠡᠵᠢᠭᠦᠯᠭᠦ ᠲᠤᠰᠬᠠᠢ ᠬᠤᠷᠰᠢᠶᠠᠵᠢᠯ ᠳᠤ ᠲᠦᠰᠢᠭᠯᠡᠨ ᠶᠠᠳᠠᠭᠤ | ᠬᠦᠴᠢᠷᠳᠡᠢ ᠡᠷᠤᠭᠡ ᠶᠢ ᠠᠵᠤ ᠦᠢᠯᠡᠰ ᠢᠶᠠᠷ ᠲᠡᠳᠭᠦᠵᠦ ᠲᠡᠵᠢᠭᠡᠯᠭᠡᠵᠦ ᠪᠠᠶᠢᠭ᠎ᠠ ᠦᠭᠡᠷ ᠬᠤᠨᠢ ᠪᠦᠷᠢ ᠶᠢᠨ | ᠴᠢᠬᠢᠨ ᠳᠤ ᠪᠦᠷ ᠲᠡᠮᠳᠡᠭ ᠵᠡᠭᠦᠯᠭᠡᠵᠦ᠂ ᠦᠭᠡᠷ ᠬᠤᠨᠢ ᠨᠢᠭᠡᠪᠤᠷᠢ ᠳᠤ ᠴᠦᠮ ︽ᠪᠡᠶ᠎ᠠ ᠶᠢᠨ ᠦᠨᠡᠮᠯᠡᠯ︾ ᠤᠯᠭᠤᠵᠠᠢ | ᠃ | ᠦᠭᠡᠷ ᠬᠤᠨᠢᠨ ᠤ ᠴᠢᠬᠢᠨ ᠲᠡᠮᠳᠡᠭ ᠢ ᠰᠢᠷᠪᠢᠪᠡᠯ᠂ ᠮᠦᠷᠳᠡᠨ ᠨᠡᠭᠡᠮᠵᠢᠯᠡᠬᠦ ᠰᠢᠰᠲ᠋ᠧᠮ ᠢᠶᠠᠷ ᠦᠭᠡᠷ ᠬᠤᠨᠢᠨ ᠤ | ᠦᠰᠦᠯᠳᠡ ᠶᠢᠨ ᠴᠠᠭ ᠬᠤᠭᠤᠴᠠᠭ᠎ᠠ᠂ ᠦᠰᠦᠨ ᠪᠤᠶᠢᠵᠢᠯᠳᠠ ᠶᠢᠨ ᠤᠷᠴᠢᠨ ᠲᠤᠭᠤᠷᠢᠨ ᠢ ᠮᠡᠳᠡᠵᠦ᠂ ᠤᠤᠭᠤᠵᠦ | ᠪᠠᠶᠢᠭ᠎ᠠ ᠤᠰᠤ᠂ ᠢᠳᠡᠵᠦ ᠪᠠᠶᠢᠭ᠎ᠠ ᠡᠪᠡᠰᠦ ᠵᠢᠴᠢ ᠤᠷᠴᠢᠨ ᠲᠤᠭᠤᠷᠢᠨ ᠤ ᠪᠠᠶᠢᠳᠠᠯ ᠵᠡᠷᠭᠡ ᠦᠨᠳᠦᠰᠦᠨ ᠰᠤᠷᠠᠭ | ᠵᠠᠩᠬᠢ ᠶᠢ ᠤᠢᠢᠯᠠᠭᠠᠵᠦ ᠪᠤᠯᠳᠠᠭ᠃ ᠡᠨᠡ ᠨᠢ ᠤᠯᠠᠭᠠᠨᠮᠤᠳᠤ ᠲᠠᠯ᠎ᠠ ᠨᠤᠳᠤᠭ ᠤᠨ ᠦᠭᠡᠷ ᠬᠤᠨᠢᠨ ᠮᠢᠬ᠎ᠠ ᠶᠢᠨ ᠠᠮᠤᠷ | ᠲᠦᠪᠰᠢᠨ ᠢ ᠪᠠᠳᠤᠯᠠᠵᠦ᠂ ︽ᠦᠪᠤᠷᠵᠢᠯᠠᠭᠠ︾ ᠪᠠᠶᠢᠭᠠᠯᠢᠯᠢᠭ ᠦᠭᠡᠷ ᠬᠤᠨᠢᠨ ᠮᠢᠬ᠎ᠠ ᠶᠢᠨ ᠲᠦᠷᠦᠯ ᠲᠡᠮᠳᠡᠭ ᠢ | ᠢᠳᠡᠪᠬᠢᠳᠡᠢ ᠡᠭᠦᠳᠴᠦ᠂ ᠲᠦᠷᠦᠯ ᠲᠡᠮᠳᠡᠭ ᠢ ᠬᠠᠮᠳᠤᠪᠠᠷ ᠪᠠᠶᠢᠭᠤᠯᠬᠤ ᠬᠠᠮᠳᠤᠪᠠᠷ ᠡᠳ᠋ᠯᠡᠬᠦ ᠬᠠᠮᠳᠤᠪᠠᠷ ᠠᠰᠢᠭ | ᠬᠦᠷᠳᠡᠬᠦ ᠪᠠᠶᠢᠩᠭᠤ ᠶᠢᠨ ᠪᠦᠳᠦᠮᠵᠢᠳᠡᠢ ᠲᠤᠭᠳᠠᠴᠠ ᠶᠢ ᠪᠠᠶᠢᠭᠤᠯᠵᠦ᠂ ᠤᠯᠠᠭᠠᠨᠮᠤᠳᠤ ᠲᠠᠯ᠎ᠠ ᠨᠤᠳᠤᠭ ᠤᠨ ᠦᠭᠡᠷ | ᠬᠤᠨᠢᠨ ᠮᠢᠬ᠎ᠠ ᠶᠢᠨ ᠲᠦᠷᠦᠯ ᠲᠡᠮᠳᠡᠭ ᠤᠨ ᠦᠢᠯᠡᠳᠦᠯ ᠢ ᠲᠡᠭᠡᠭᠰᠢᠯᠡᠭᠦᠯᠦᠨ ᠶᠠᠳᠠᠭᠤ ᠬᠦᠴᠢᠷᠳᠡᠢ ᠡᠷᠦᠭᠡ ᠶᠢᠨ | ᠤᠷᠤᠯᠭ᠎ᠠ ᠶᠢ ᠲᠡᠭᠡᠭᠰᠢᠯᠡᠭᠦᠯᠵᠦ ᠴᠢᠳᠠᠬᠤ ᠪᠤᠯᠤᠨ᠎ᠠ᠃ | ᠤᠯᠠᠭᠠᠨᠮᠤᠳᠤ ᠲᠠᠯ᠎ᠠ ᠨᠤᠳᠤᠭ ᠤᠨ ᠨᠤᠳᠤᠭ ᠲᠡᠪᠢᠰᠭᠡᠷ ᠦᠷᠭᠡᠨ ᠠᠭᠤᠳᠠᠮ᠂ ᠠᠭᠤᠯᠠ ᠨᠢ ᠬᠦᠭᠡᠮᠳᠦᠭ | ᠤᠰᠤ ᠨᠢ ᠲᠤᠩᠭᠠᠯᠠᠭ᠂ ᠪᠡᠯᠴᠢᠭᠡᠷ ᠡᠪᠡᠰᠦ ᠢᠬᠴᠦ ᠰᠠᠬᠤᠯᠢᠭ᠂ ᠬᠤᠷᠴᠢᠨ ᠤ ᠲᠠᠯ᠎ᠠ ᠨᠤᠳᠤᠭ ᠤᠨ ᠦᠵᠡᠮᠵᠢ | ᠪᠦᠷᠢᠳᠦᠭᠰᠡᠨ᠂ ᠤᠷᠭᠤᠮᠠᠯ ᠤᠨ ᠬᠤᠴᠢᠯᠭ᠎ᠠ ᠬᠠᠮᠤᠭ ᠪᠦᠷᠢᠨ᠂ ᠪᠠᠶᠢᠭᠠᠯᠢᠯᠢᠭ ᠦᠩᠭᠡ ᠦᠵᠡᠮᠵᠢ ᠪᠠᠨ | ᠬᠠᠳᠠᠭᠠᠯᠠᠭᠰᠠᠨ ᠬᠠᠩᠭᠠᠢ ᠲᠠᠯ᠎ᠠ ᠨᠤᠳᠤᠭ ᠪᠤᠯᠤᠨ᠎ᠠ᠃ ᠤᠰᠤᠨ ᠤ ᠲᠤᠩᠭᠠᠯᠠᠭ ᠢ ᠤᠤᠭᠤᠵᠦ ᠡᠪᠡᠰᠦᠨ ᠤ | ᠰᠤᠷᠭᠤᠭ ᠢ ᠢᠳᠡᠰᠢᠯᠡᠵᠦ ᠦᠰᠦᠭᠰᠡᠨ ᠤᠯᠠᠭᠠᠨᠮᠤᠳᠤ ᠲᠠᠯ᠎ᠠ ᠨᠤᠳᠤᠭ ᠤᠨ ᠦᠭᠡᠷ ᠬᠤᠨᠢᠨ ᠮᠢᠬ᠎ᠠ ᠨᠢ ᠲᠠᠷᠭᠤ | ᠰᠠᠶᠢᠳᠠᠢ᠂ ᠦᠭᠡᠬᠦ ᠬᠠᠳᠠᠭᠠᠯᠠᠬᠤ ᠴᠢᠳᠠᠪᠤᠷᠢ ᠴᠢᠩᠭ᠎ᠠ᠂ ᠮᠢᠬᠠᠨ ᠤ ᠭᠠᠷᠤᠯᠳᠠ ᠦᠨᠳᠦᠷ᠂ ᠰᠢᠨ᠎ᠠ ᠰᠤᠷᠭᠤᠭ᠂ | ᠰᠢᠮ᠎ᠠ ᠲᠡᠵᠢᠭᠡᠯ ᠡᠯᠪᠡᠭ ᠵᠡᠷᠭᠡ ᠤᠨᠴᠠᠯᠢᠭ ᠢᠶᠠᠷ ᠢᠶᠠᠨ ᠠᠯᠳᠠᠷᠰᠢᠭᠰᠠᠨ ᠪᠠᠶᠢᠳᠠᠭ᠃ ᠤᠯᠠᠨ ᠠᠴᠠ ᠭᠡᠳᠦ᠋ᠢᠳᠦᠭᠰᠡᠨ | ᠡᠨᠡᠬᠦ ᠲᠠᠪᠠᠭᠤᠯᠢᠭ ᠤᠨᠴᠠᠯᠢᠭ ᠲᠠᠭᠠᠨ ᠲᠦᠰᠢᠭᠯᠡᠨ᠂ 2012 ᠤᠨ ᠳᠤ ᠪᠠᠶᠢᠭᠤᠯᠤᠭᠳᠠᠭᠰᠠᠨ ᠤᠯᠠᠭᠠᠨᠳᠤᠶᠠᠭ᠎ᠠ | ᠲᠡᠵᠢᠭᠡᠨ ᠦᠷᠡᠵᠢᠭᠦᠯᠭᠦ ᠲᠤᠰᠬᠠᠢ ᠬᠤᠷᠰᠢᠶᠠᠵᠢᠯ ᠨᠢ ᠨᠡᠷᠡᠳᠦ ᠲᠦᠷᠦᠯ ᠲᠡᠮᠳᠡᠭ ᠤᠨ ᠪᠦᠳᠦᠭᠡᠭᠳᠡᠭᠦᠨ ᠡᠭᠦᠳᠬᠦ ᠵᠢᠴᠢ | ᠭᠡᠰᠢᠭᠦᠳ ᠤᠨ ᠤᠷᠤᠯᠭ᠎ᠠ ᠶᠢ ᠨᠡᠮᠡᠭᠳᠡᠭᠦᠯᠭᠦ ᠲᠠᠯ᠎ᠠ ᠪᠠᠷ ᠬᠦᠴᠦᠯᠡᠨ ᠴᠢᠷᠮᠠᠶᠢᠵᠦ ᠢᠯᠡᠳᠳᠡ ᠦᠷ᠎ᠠ ᠪᠦᠳᠦᠮᠵᠢ ᠤᠯᠵᠦ | ᠪᠤᠢ᠃ 2015 ᠤᠨ ᠳᠤ ᠦᠪᠡᠷ ᠤᠨ ᠰᠠᠭᠤᠷᠢᠨ ᠳᠠᠬᠢ ᠬᠤᠨᠢᠨ ᠮᠢᠬ᠎ᠠ ᠪᠠᠨ ᠤᠷᠭᠠᠨᠢᠭ ᠪᠦᠳᠦᠭᠡᠭᠳᠡᠭᠦᠨ ᠢᠶᠠᠷ | ᠭᠡᠷᠡᠴᠢᠯᠡᠭᠦᠯᠵᠦ᠂ 2016 ᠤᠨ ᠳᠤ ᠤᠯᠤᠰ ᠤᠨ ᠦᠢᠯᠡᠳᠪᠤᠷᠢ ᠬᠤᠳᠠᠯᠳᠤᠭᠠᠨ ᠤ ᠶᠡᠷᠦᠩᠭᠡᠢ ᠲᠤᠪᠴᠢᠶᠠᠨ ᠳᠤ ︽ | ᠤᠯᠠᠭᠠᠨ ᠬᠠᠩᠭᠠᠢ︾ ᠲᠦᠷᠦᠯ ᠲᠡᠮᠳᠡᠭ ᠢ ᠲᠠᠩᠰᠠᠯᠠᠭᠤᠯᠵᠦ᠂ 2019 ᠤᠨ ᠳᠤ ︽ᠦᠪᠤᠷᠵᠢᠯᠠᠭᠠ︾ ᠲᠦᠷᠦᠯ | ᠲᠡᠮᠳᠡᠭ ᠢᠶᠠᠨ ᠲᠠᠩᠰᠠᠯᠠᠭᠤᠯᠪᠠ᠃ ᠲᠤᠰ ᠬᠤᠷᠰᠢᠶᠠᠵᠢᠯ ᠡᠨᠡ ᠵᠢᠯ ᠠᠴᠠ ᠡᠬᠢᠯᠡᠨ ᠤᠯᠤᠰᠤᠳᠠᠢ ᠭᠠᠴᠠᠭᠠᠨ ᠤ ᠶᠠᠳᠠᠭᠤ | ᠬᠦᠴᠢᠷᠳᠡᠢ ᠡᠷᠦᠭᠡ ᠶᠢ ᠲᠠᠶᠢᠴᠢᠯᠠᠨ ᠪᠤᠷᠤᠯᠠᠭᠤᠯᠭ᠎ᠠ ᠪᠠᠨ ᠦᠷᠭᠡᠳᠭᠡᠭᠰᠡᠨ ᠤ ᠲᠠᠷᠠᠭ᠎ᠠ ᠲᠠᠬᠢᠨ ᠪᠤᠰᠤᠳ ᠭᠠᠴᠠᠭᠠᠨ ᠤ | ᠮᠠᠯᠴᠢᠳ ᠤᠨ ᠦᠭᠡᠷ ᠬᠤᠨᠢ ᠶᠢ ᠬᠤᠳᠠᠯᠳᠤᠨ ᠠᠪᠬᠤ ᠪᠠᠷ ᠲᠦᠯᠦᠪᠯᠡᠵᠦ ᠪᠤᠢ᠃ ᠠᠶᠢᠮᠠᠭ ᠤᠨ ᠬᠤᠳᠠᠯᠳᠤᠭᠠᠴᠢᠨ ᠤ | ᠡᠪᠯᠡᠯ ᠠᠴᠠ ᠬᠠᠩᠭᠠᠭᠰᠠᠨ ᠡᠯ᠎ᠠ ᠵᠦᠢᠯ ᠤᠨ ᠪᠤᠷᠤᠯᠠᠭᠤᠯᠭ᠎ᠠ ᠶᠢᠨ ᠠᠷᠭ᠎ᠠ ᠵᠠᠮ ᠢ ᠠᠰᠢᠭᠯᠠᠨ᠂ ᠲᠤᠰ ᠬᠤᠷᠰᠢᠶᠠᠵᠢᠯ | ᠵᠠᠬ᠎ᠠ ᠲᠡᠯᠭᠡᠭᠦᠷ ᠤᠨ ᠦᠨᠳᠦᠷ ᠦᠨ᠎ᠠ ᠪᠠᠷ ᠶᠠᠳᠠᠭᠤ ᠬᠦᠴᠢᠷᠳᠡᠯᠳᠡᠢ ᠡᠷᠦᠭᠡ ᠶᠢᠨ ᠦᠭᠡᠷ ᠬᠤᠨᠢ ᠶᠢ ᠬᠤᠳᠠᠯᠳᠤᠨ | ᠠᠪᠴᠦ ᠶᠠᠳᠠᠭᠤ ᠡᠷᠦᠭᠡ ᠶᠢᠨ ᠤᠷᠤᠯᠭ᠎ᠠ ᠶᠢ ᠨᠡᠮᠡᠭᠳᠡᠭᠦᠯᠵᠦ ᠪᠠᠰᠠ ᠤᠯᠠᠭᠠᠨᠮᠤᠳᠤ ᠲᠠᠯ᠎ᠠ ᠨᠤᠳᠤᠭ ᠤᠨ ᠪᠠᠶᠢᠭᠠᠯᠢᠯᠢᠭ | ᠦᠭᠡᠷ ᠬᠤᠨᠢᠨ ᠮᠢᠬ᠎ᠠ ᠶᠢ ᠬᠦᠭᠡᠬᠤᠳᠠ᠂ ᠪᠡᠭᠡᠵᠢᠩ ᠤᠨ ᠵᠠᠬ᠎ᠠ ᠲᠡᠯᠭᠡᠭᠦᠷ ᠲᠤ ᠭᠠᠷᠭᠠᠵᠦ᠂ ᠪᠤᠬᠢᠷᠳᠤᠯ ᠦᠭᠡᠢ᠂ | ᠤᠷᠭᠠᠨᠢᠭ ᠪᠦᠳᠦᠭᠡᠭᠳᠡᠭᠦᠨ ᠢᠶᠠᠷ ᠮᠠᠯ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢᠨ ᠰᠢᠨ᠎ᠠ ᠴᠢᠭᠯᠡᠯ ᠢ | ᠡᠭᠦᠳᠴᠦ ᠪᠤᠢ᠃ ᠵᠢᠷᠤᠭ᠂ ᠤᠯᠠᠭᠠᠨᠮᠤᠳᠤ ᠶᠢᠨ ᠦᠭᠡᠷ ᠬᠤᠨᠢ ︽ᠪᠡᠶ᠎ᠠ ᠶᠢᠨ ᠦᠨᠡᠮᠯᠡᠯ︾ ᠲᠠᠢ ᠪᠤᠯᠤᠯ᠎ᠠ᠃ |