ᠮᠠᠨ ᠤ ᠠᠶᠢᠮᠠᠭ ᠤᠨ ᠠᠩᠬᠠᠳᠠᠭᠴᠢ ᠪᠦᠯᠦᠭ ᠤᠨ ᠬᠤᠪᠸᠢ ᠶᠢ ᠲᠤᠰᠠᠯᠠᠭᠰᠠᠨ ᠡᠮᠴᠢ ᠰᠤᠪᠢᠯᠠᠭᠴᠢ ᠤᠷᠳᠤᠰ ᠬᠤᠳᠠ ᠳᠤ ᠪᠤᠴᠠᠵᠦ ᠢᠷᠡᠯ᠎ᠠ
ᠨᠡᠶᠢᠲᠡᠯᠡᠭᠰᠡᠨ ᠴᠠᠭ᠄
2020/4/15
   ᠲᠤᠰ ᠰᠤᠨᠢᠨ ᠤ ᠮᠡᠳᠡᠭᠡ ᠮᠠᠨ ᠤ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ ᠤᠢᠢᠯᠠᠭᠠᠭᠰᠠᠨ ᠢᠶᠠᠷ᠂ 3 ᠰᠠᠷ᠎ᠠ ᠶᠢᠨ 18 ᠤ ᠦᠳᠡ ᠶᠢᠨ ᠬᠤᠶᠢᠨ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠪᠸᠢ ᠶᠢ ᠲᠤᠰᠠᠯᠠᠭᠰᠠᠨ ᠡᠮᠴᠢᠯᠡᠭᠡᠨ ᠤ ᠠᠩᠬᠢ ᠶᠢᠨ 100 ᠡᠮᠴᠢ ᠰᠤᠪᠢᠯᠠᠭᠴᠢ ᠬᠤᠪᠸᠢ ᠶᠢ ᠲᠤᠰᠠᠯᠠᠬᠤ ᠡᠬᠦᠷᠭᠡ ᠪᠠᠨ ᠠᠮᠵᠢᠯᠳᠠᠳᠠᠢ ᠪᠡᠶᠡᠯᠡᠬᠦᠯᠵᠦ᠂ ᠤᠷᠳᠤᠰ ᠬᠤᠳᠠ ᠶᠢᠨ ᠤᠯᠠᠨ ᠤᠯᠤᠰ ᠤᠨ ᠨᠢᠰᠭᠡᠯ ᠤᠨ ᠪᠠᠭᠤᠳᠠᠯ ᠳᠤ ᠠᠮᠤᠷ ᠲᠦᠪᠰᠢᠨ ᠢᠶᠠᠷ ᠪᠠᠭᠤᠵᠦ ᠢᠷᠡᠪᠡ᠃ ᠡᠬᠦᠨ ᠳᠤ᠂ ᠮᠠᠨ ᠤ ᠠᠶᠢᠮᠠᠭ ᠤᠨ ᠠᠩᠬᠠᠳᠠᠭᠴᠢ ᠪᠦᠯᠦᠭ ᠤᠨ ᠬᠤᠪᠸᠢ ᠶᠢ ᠲᠤᠰᠠᠯᠠᠭᠰᠠᠨ ᠡᠮᠴᠢᠯᠡᠭᠡᠨ ᠤ ᠠᠩᠬᠢ ᠶᠢᠨ ᠯᠢᠦ ᠵᠦᠸᠧ᠂ ᠯᠢᠦ ᠶᠠᠨ᠂ ᠢᠤᠢ ᠾᠧ᠂ ᠴᠢᠦ ᠬᠠᠢ ᠵᠢᠩ᠂ ᠵᠤᠤ ᠰᠢᠶᠤᠤ ᠮᠢᠨ᠂ ᠪᠤᠤ ᠭᠧᠨ ᠰᠢᠶᠦ᠋ᠩ᠂ ᠬᠤᠸᠠᠩ ᠤᠶᠤᠩᠭᠤᠸ᠎ᠠ᠂ ᠯᠢ ᠴᠦᠨ ᠪᠦᠸᠧ ᠵᠡᠷᠭᠡ 8 ᠡᠮᠴᠢᠯᠡᠭᠡᠨ ᠤ ᠠᠩᠬᠢ ᠶᠢᠨ ᠭᠡᠰᠢᠬᠦᠨ ᠲᠤᠰ ᠤᠳᠠᠭᠠᠨ ᠤ ᠡᠭᠡᠯᠵᠢ ᠶᠢᠨ ᠨᠢᠰᠭᠡᠯ ᠢ ᠲᠠᠭᠠᠵᠦ ᠤᠷᠳᠤᠰ ᠬᠤᠳᠠ ᠳᠤ ᠪᠤᠴᠠᠵᠦ ᠢᠷᠡᠵᠡᠢ᠃   ᠤᠢᠢᠯᠠᠭᠠᠯᠳᠠ ᠪᠠᠷ᠂ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ ᠨᠠᠰᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ᠬᠢᠵᠢᠭ ᠤᠨ ᠬᠦᠨᠳᠦ ᠤᠷᠤᠨ ᠬᠤᠪᠸᠢ ᠶᠢ ᠲᠤᠰᠠᠯᠠᠬᠤ ᠪᠠᠷ ᠤᠷᠢᠳ ᠬᠤᠵᠢᠳ 847 ᠡᠮᠴᠢ ᠰᠤᠪᠢᠯᠠᠭᠴᠢ ᠲᠤᠮᠢᠯᠠᠵᠦ᠂ ᠡᠬᠦᠨ ᠳᠤ᠂ ᠮᠠᠨ ᠤ ᠠᠶᠢᠮᠠᠭ ᠨᠡᠶᠢᠳᠡ 4 ᠪᠦᠯᠦᠭ 33 ᠡᠮᠴᠢ ᠰᠤᠪᠢᠯᠠᠭᠴᠢ ᠪᠤᠯᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯᠳᠠᠨ ᠲᠤᠮᠢᠯᠠᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠠᠭᠠᠵᠢᠮ ᠢᠶᠠᠷ ᠰᠠᠶᠢᠵᠢᠷᠠᠬᠤ ᠶᠢ ᠲᠠᠭᠠᠯᠳᠤᠨ ᠦᠪᠦᠷ ᠮᠤᠩᠭᠤᠯ ᠤᠨ ᠡᠮᠴᠢᠯᠡᠭᠡᠨ ᠤ ᠠᠩᠬᠢ ᠶᠢᠨ ᠡᠮᠴᠢ ᠰᠤᠪᠢᠯᠠᠭᠴᠢᠳ ᠴᠦ ᠲᠠᠷᠠᠭᠠᠯᠠᠨ ᠨᠤᠳᠤᠭ ᠲᠠᠭᠠᠨ ᠪᠤᠴᠠᠵᠦ ᠡᠬᠢᠯᠡᠭᠰᠡᠨ ᠪᠠᠶᠢᠨ᠎ᠠ᠃ ᠪᠤᠴᠠᠵᠦ ᠢᠷᠡᠭᠰᠡᠨ ᠡᠮᠴᠢ ᠰᠤᠪᠢᠯᠠᠭᠴᠢᠳ ᠤᠨ ᠠᠩᠬᠢ ᠶᠢᠨ ᠭᠡᠰᠢᠬᠦᠳ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠢᠭᠡᠳᠦᠯᠳᠡᠢ ᠲᠤᠬᠢᠷᠠᠭᠤᠯᠤᠯᠳᠠ ᠲᠤᠤᠷ᠎ᠠ᠂ ᠤᠷᠳᠤᠰ ᠬᠤᠳᠠ ᠳᠤ ᠲᠤᠰᠠᠭᠠᠷᠯᠠᠨ ᠠᠮᠠᠷᠠᠵᠦ᠂ ᠲᠤᠰᠠᠭᠠᠷᠯᠠᠬᠤ ᠬᠤᠭᠤᠴᠠᠭ᠎ᠠ ᠲᠠᠭᠤᠰᠤᠭᠰᠠᠨ ᠤ ᠲᠠᠷᠠᠭ᠎ᠠ ᠨᠢᠭᠡᠳᠦᠯᠳᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠤᠭ ᠨᠤᠳᠤᠭ ᠲᠠᠭᠠᠨ ᠪᠤᠴᠠᠬᠤ ᠪᠤᠯᠤᠨ᠎ᠠ᠃ ︵ᠸᠡᠩ ᠫᠢᠡᠭ︶   ᠵᠢᠷᠤᠬ ᠪᠤᠯ ᠳᠤᠰ ᠤᠳᠠᠭ᠎ᠠ ᠪᠤᠴᠠᠵᠤ ᠢᠷᠡᠭᠰᠡᠨ ᠡᠮᠴᠢ ᠰᠤᠪᠢᠯᠠᠬᠴᠢ ᠶᠢᠨ ᠬᠠᠮᠳᠤ ᠶᠢᠨ ᠰᠡᠬᠦᠳᠡᠷ ᠪᠤᠯᠤᠨ᠎ᠠ᠃ ᠭᠡᠷᠡᠯ ᠵᠢᠷᠤᠭ ᠢ ᠲᠦᠴᠢᠤᠸᠠᠨ ᠰᠢᠶᠠᠨ ᠤ ᠬᠠᠮ ᠵᠠᠭᠤᠴᠢᠯᠠᠭᠤᠷ ᠤᠨ ᠲᠦᠪ ᠠᠴᠠ ᠬᠠᠩᠭᠠᠪᠠ
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号