ᠬᠤᠷᠠᠭ᠎ᠠ ᠶᠢ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠳᠡᠵᠢᠭᠡᠬᠦ ᠠᠷᠭ᠎ᠠ
ᠨᠡᠶᠢᠲᠡᠯᠡᠭᠰᠡᠨ ᠴᠠᠭ᠄
2020/4/15
   ᠨᠢᠯᠬ᠎ᠠ ᠬᠤᠷᠠᠭ᠎ᠠ ᠶᠢᠨ ᠪᠡᠶ᠎ᠡ ᠶᠢᠨ ᠳᠤᠯᠠᠭᠠᠨ ᠢᠶᠠᠨ ᠳᠤᠬᠢᠷᠠᠭᠤᠯᠬᠤ ᠴᠢᠳᠠᠪᠤᠷᠢ ᠨᠢ ᠳᠠᠶᠢᠮᠤ ᠰᠠᠶᠢᠨ ᠪᠢᠰᠢ᠂ ᠡᠪᠡᠳᠴᠢᠨ ᠭᠡᠮ ᠪᠠ ᠭᠦᠢᠳᠡᠨ ᠢ ᠡᠰᠡᠷᠭᠦᠴᠡᠬᠦ ᠴᠢᠳᠠᠪᠤᠷᠢ ᠨᠢ ᠳᠤᠷᠤᠢ ᠪᠤᠯᠬᠤᠷ ᠡᠬᠡ ᠠᠴᠠ ᠪᠠᠨ ᠭᠠᠷᠤᠭᠰᠠᠨ ᠤ ᠳᠠᠷᠠᠭᠠᠬᠢ ᠨᠢᠭᠡ ᠭᠠᠷᠠᠭ ᠤᠨ ᠳᠤᠳᠤᠷ᠎ᠠ ᠦᠬᠦᠬᠦ ᠨᠤᠷᠮ᠎ᠠ ᠨᠢ ᠦᠨᠳᠦᠷ ᠪᠠᠶᠢᠳᠠᠭ᠃ ᠳᠡᠶᠢᠮᠤ ᠠᠴᠠ ᠠᠷᠠᠴᠢᠯᠠᠭ᠎ᠠ ᠳᠡᠵᠢᠭᠡᠯᠭᠡ ᠶᠢᠨ ᠳᠠᠯ᠎ᠠ ᠪᠠᠷ ᠤᠨᠴᠠ ᠠᠩᠬᠠᠷᠬᠤ ᠬᠡᠷᠡᠭᠳᠡᠢ ᠪᠠᠶᠢᠳᠠᠭ᠃ ᠬᠤᠷᠠᠭᠠᠨ ᠤ ᠦᠰᠦᠯᠳᠡ ᠶᠢ ᠳᠠᠭᠠᠯᠳᠤᠨ ᠡᠬᠡ ᠮᠠᠯ ᠤᠨ ᠰᠦ ᠨᠢ ᠬᠦᠷᠦᠯᠴᠡᠬᠦ ᠦᠭᠡᠢ ᠪᠠᠶᠢᠳᠠᠯ ᠦᠷᠭᠦᠯᠵᠢ ᠭᠠᠷᠳᠠᠭ ᠳᠤᠯᠠ ᠡᠮ᠎ᠡ ᠬᠤᠨᠢᠨ ᠳᠤ ᠴᠠᠭ ᠳᠤᠬᠠᠢ ᠳᠤᠨᠢ ᠨᠦᠬᠦᠪᠦᠷᠢ ᠪᠤᠷᠳᠤᠭ᠎ᠠ ᠨᠡᠮᠡᠨ ᠦᠭᠴᠤ᠂ ᠵᠤᠬᠢᠬᠤ ᠴᠠᠭ ᠬᠤᠭᠤᠴᠠᠭ᠎ᠠ ᠦᠩᠭᠡᠷᠡᠭᠰᠡᠨ ᠤ ᠰᠡᠭᠦᠯᠡᠷ ᠬᠤᠷᠠᠭ᠎ᠠ ᠶᠢ ᠰᠦ ᠠᠴᠠ ᠨᠢ ᠰᠠᠯᠭᠠᠨ᠎ᠠ᠃ ᠬᠤᠷᠠᠭ᠎ᠠ ᠪᠤᠶᠢᠵᠢᠭᠤᠯᠬᠤ ᠳᠤ ︽ᠭᠤᠷᠪᠠᠨ ᠡᠷᠳᠡ︾ ︵ᠳᠠᠷᠤᠢ ᠡᠷᠳᠡ ᠤᠭᠤᠷᠠᠭ ᠤᠬᠵᠢᠬᠤ᠂ ᠡᠷᠳᠡ ᠪᠤᠷᠳᠤᠭ᠎ᠠ ᠪᠠᠷ ᠳᠡᠵᠢᠭᠡᠬᠦ ᠪᠠ ᠡᠷᠳᠡ ᠰᠦ ᠠᠴᠠ ᠨᠢ ᠰᠠᠯᠭᠠᠬᠤ︶᠂ ︽ᠭᠤᠷᠪᠠ ᠶᠢ ᠪᠠᠶᠢᠴᠠᠭᠠᠬᠤ︾ ︵ᠢᠳᠡᠰᠢᠨ ᠤ ᠳᠤᠷᠠᠰᠢᠯ ᠢ ᠪᠠᠶᠢᠴᠠᠭᠠᠬᠤ᠂ ᠴᠤᠭ ᠰᠦᠯᠳᠡ ᠶᠢ ᠪᠠᠶᠢᠴᠠᠭᠠᠬᠤ ᠪᠠ ᠢᠯᠭᠠᠳᠠᠰᠤ ᠶᠢ ᠨᠢ ᠪᠠᠶᠢᠴᠠᠭᠠᠬᠤ︶ ᠶᠢ ᠪᠠᠷᠢᠮᠳᠠᠯᠠᠪᠠᠯ ᠬᠤᠷᠠᠭᠠᠨ ᠤ ᠤᠨᠳᠤᠷᠤᠯᠳᠠ ᠶᠢᠨ ᠨᠤᠷᠮ᠎ᠠ ᠶᠢ ᠵᠤᠬᠢᠬᠤ ᠬᠡᠮᠵᠢᠶ᠎ᠡ ᠪᠠᠷ ᠳᠡᠭᠡᠭᠰᠢᠯᠡᠭᠦᠯᠵᠤ ᠴᠢᠳᠠᠨ᠎ᠠ ᠭᠡᠳᠡᠭ ᠢ ᠦᠢᠯᠡᠳᠦᠯᠭᠡ ᠬᠡᠷᠡᠴᠢᠯᠡᠭᠰᠡᠨ ᠪᠠᠶᠢᠨ᠎ᠠ᠃    1. ᠬᠤᠷᠠᠭᠠᠯᠠᠭᠰᠠᠨ ᠤ ᠳᠠᠷᠠᠭᠠᠬᠢ 1 — 3 ᠡᠳᠦᠷ ᠳᠤᠰ ᠬᠤᠭᠤᠴᠠᠭᠠᠨ ᠳᠤ ᠬᠤᠷᠠᠭ᠎ᠠ ᠶᠢᠨ ᠤᠭᠤᠷᠠᠭ ᠰᠦ ᠨᠢ ᠬᠦᠷᠦᠯᠴᠡᠬᠦ ᠡᠰᠡᠬᠦ ᠪᠠ ᠭᠡᠭᠡᠯ ᠤᠨ ᠵᠤᠩᠭᠠᠭ ᠭᠠᠳᠠᠭᠰᠢᠯᠠᠭᠰᠠᠨ ᠡᠰᠡᠬᠦ ᠶᠢ ᠭᠤᠤᠯ ᠠᠩᠬᠠᠷᠤᠨ᠎ᠠ᠃ ᠡᠬᠡ ᠮᠠᠯ ᠤᠨ ᠤᠭᠤᠷᠠᠭ ᠰᠦᠨ ᠳᠤ ᠤᠭᠤᠷᠠᠭ᠂ ᠦᠭᠡᠬᠦ᠂ ᠪᠠᠺᠲᠧᠷᠢ ᠶᠢ ᠡᠰᠡᠷᠭᠦᠴᠡᠬᠦ ᠪᠤᠳᠠᠰ ᠡᠯᠪᠡᠭ ᠪᠠᠶᠢᠳᠠᠭ ᠪᠦᠭᠡᠳ ᠪᠠᠰᠠ ᠶᠡᠭᠡ ᠬᠡᠮᠵᠢᠶᠡᠨ ᠤ ᠮᠠᠩᠭᠠᠨ ᠤ ᠳᠠᠪᠤᠰᠤᠯᠢᠭ ᠪᠤᠳᠠᠰ ᠠᠭᠤᠯᠤᠭᠳᠠᠵᠤ ᠪᠠᠶᠢᠳᠠᠭ᠃ ᠡᠳᠡᠭᠡᠷ ᠪᠤᠳᠠᠰ ᠨᠢ ᠬᠤᠷᠠᠭᠠᠨ ᠤ ᠪᠡᠶ᠎ᠡ ᠴᠤᠭᠴᠠ ᠶᠢ ᠴᠢᠬᠢᠷᠠᠭᠵᠢᠭᠤᠯᠵᠤ᠂ ᠡᠪᠡᠳᠴᠢᠨ ᠭᠡᠮ ᠢ ᠡᠰᠡᠷᠭᠦᠴᠡᠬᠦ ᠪᠤᠯᠤᠨ ᠭᠡᠭᠡᠯ ᠤᠨ ᠵᠤᠩᠭᠠᠭ ᠢ ᠭᠠᠳᠠᠭᠰᠢᠯᠠᠭᠤᠯᠬᠤ ᠳᠤ ᠴᠢᠬᠤᠯᠠ ᠦᠢᠯᠡᠳᠦᠯ ᠦᠵᠡᠭᠦᠯᠳᠡᠭ᠃ ᠡᠶᠢᠮᠤ ᠠᠴᠠ ᠨᠢᠯᠬ᠎ᠠ ᠬᠤᠷᠠᠭ᠎ᠠ ᠳᠤ ᠡᠷᠬᠡᠪᠰᠢ ᠤᠭᠤᠷᠠᠭ ᠰᠦ ᠶᠢ ᠨᠢ ᠭᠦᠢᠴᠡᠳ ᠬᠦᠬᠦᠭᠦᠯᠬᠦ ᠬᠡᠷᠡᠭᠳᠡᠢ᠃        2. ᠬᠤᠷᠠᠭᠠᠯᠠᠭᠰᠠᠨ ᠤ ᠳᠠᠷᠠᠭᠠᠬᠢ 3 — 7 ᠡᠳᠦᠷ ᠳᠤᠰ ᠬᠤᠭᠤᠴᠠᠭᠠᠨ ᠳᠤ ᠡᠬᠡ ᠮᠡᠯ ᠪᠠ ᠬᠤᠷᠠᠭ᠎ᠠ ᠶᠢ ᠪᠡᠯᠴᠢᠭᠡᠷ ᠲᠤ ᠭᠠᠷᠭᠠᠨ ᠬᠠᠷᠢᠭᠤᠯᠵᠤ ᠪᠤᠯᠬᠤ ᠪᠤᠯᠪᠠᠴᠤ ᠬᠤᠷᠠᠭᠠᠨ ᠤ ᠬᠦᠬᠦᠯᠳᠡ ᠭᠦᠢᠴᠡᠳ ᠪᠠᠶᠢᠬᠤ ᠶᠢ ᠪᠠᠳᠤᠯᠠᠬᠤ ᠬᠡᠷᠡᠭᠳᠡᠢ᠃ ᠰᠤᠳᠤᠯᠭᠠᠨ ᠢ ᠦᠨᠳᠦᠰᠦᠯᠡᠪᠡᠯ᠂ ᠬᠤᠷᠠᠭᠠᠯᠠᠭᠰᠠᠨ ᠤ ᠳᠠᠷᠠᠭᠠᠬᠢ 7 ᠬᠤᠨᠤᠭ ᠤᠨ ᠳᠤᠳᠤᠷ᠎ᠠ ᠬᠤᠷᠠᠭᠠᠨ ᠤ ᠦᠭᠦᠯᠳᠡ ᠶᠢᠨ ᠨᠤᠷᠮ᠎ᠠ ᠨᠢ 85% ᠠᠴᠠ ᠳᠡᠭᠡᠭᠰᠢ ᠪᠠᠶᠢᠳᠠᠭ᠃ ᠡᠭᠦᠨ ᠤ ᠭᠤᠤᠯ ᠰᠢᠯᠳᠠᠭᠠᠨ ᠨᠢ ᠬᠤᠷᠠᠭ᠎ᠠ ᠬᠢᠯᠪᠠᠷᠬᠠᠨ ᠠᠭᠤᠰᠬᠢᠨ ᠦᠷᠪᠢᠰᠦᠯ᠂ ᠬᠤᠳᠤᠭᠤᠳᠤ ᠭᠡᠳᠡᠰᠦᠨ ᠤ ᠦᠷᠪᠢᠰᠦᠯ᠂ ᠭᠦᠢᠰᠦᠨ ᠤ ᠦᠷᠪᠢᠰᠦᠯ ᠪᠠ ᠴᠢᠴᠠᠭ᠎ᠠ ᠠᠯᠳᠠᠬᠤ ᠵᠡᠷᠭᠡ ᠡᠪᠡᠳᠴᠢᠨ ᠤᠯᠳᠠᠭ ᠠᠴᠠ ᠪᠤᠯᠤᠭᠰᠠᠨ ᠶᠤᠮ᠃ ᠡᠶᠢᠮᠤ ᠠᠴᠠ ᠬᠤᠨᠢᠨ ᠤ ᠬᠠᠰᠢᠶ᠎ᠠ ᠰᠠᠷᠠᠪᠴᠢ᠂ ᠪᠡᠶ᠎ᠡ ᠶᠢᠨ ᠠᠷᠢᠭᠤᠨ ᠴᠡᠪᠡᠷ ᠢ ᠰᠠᠶᠢᠳᠤᠷ ᠬᠢᠵᠤ᠂ ᠦᠷᠭᠦᠯᠵᠢ ᠰᠠᠯᠬᠢ ᠨᠡᠪᠳᠡᠷᠡᠭᠦᠯᠬᠦ ᠶᠢ ᠠᠩᠬᠠᠷᠴᠤ᠂ ᠬᠤᠷᠠᠭ᠎ᠠ ᠪᠠᠨ ᠳᠤᠭᠳᠠᠭᠰᠠᠨ ᠴᠠᠭ ᠲᠤ ᠳᠤᠭᠳᠠᠭᠰᠠᠨ ᠬᠡᠮᠵᠢᠶ᠎ᠡ ᠲᠠᠢ ᠬᠦᠬᠦᠬᠦᠯᠬᠦ ᠬᠡᠷᠡᠭᠳᠡᠢ᠃    3. ᠬᠤᠷᠠᠭᠠᠯᠠᠭᠰᠠᠨ ᠤ ᠳᠠᠷᠠᠭᠠᠬᠢ 7 — 10 ᠡᠳᠦᠷ ᠳᠤᠰ ᠬᠤᠭᠤᠴᠠᠭᠠᠨ ᠳᠤ ᠬᠠᠭᠤᠷᠠᠢ ᠡᠪᠡᠰᠤ ᠪᠠᠷ ᠳᠡᠵᠢᠭᠡᠵᠤ ᠤᠰᠤᠯᠠᠨ᠎ᠠ᠃ ᠬᠤᠷᠠᠭᠠᠨ ᠤ ᠬᠠᠰᠢᠶ᠎ᠠ ᠰᠠᠷᠠᠪᠴᠢ ᠳᠤ ᠦᠷᠭᠦᠯᠵᠢ ᠬᠠᠭᠤᠷᠠᠢ ᠬᠦᠬᠡ ᠡᠪᠡᠰᠤ᠂ ᠭᠡᠮᠭᠡᠯᠦᠭᠰᠡᠨ ᠪᠤᠷᠳᠤᠭ᠎ᠠ᠂ ᠢᠳᠡᠭᠡᠨ ᠤ ᠳᠠᠪᠤᠰᠤ᠂ ᠤᠰᠤ ᠵᠡᠷᠭᠡ ᠶᠢ ᠪᠡᠯᠡᠳᠭᠡᠵᠤ᠂ ᠬᠤᠷᠠᠭ᠎ᠠ ᠶᠢ ᠡᠪᠡᠰᠤ ᠪᠤᠷᠳᠤᠭ᠎ᠠ ᠢᠳᠡᠭᠦᠯᠵᠤ ᠰᠤᠷᠭᠠᠬᠤ ᠬᠡᠷᠡᠭᠳᠡᠢ᠃    4. ᠬᠤᠷᠠᠭᠠᠯᠠᠭᠰᠠᠨ ᠤ ᠳᠠᠷᠠᠭᠠᠬᠢ 10 — 20 ᠡᠳᠦᠷ ᠬᠤᠷᠠᠭᠠᠨ ᠤ ᠢᠳᠡᠰᠢᠯᠡᠬᠦ ᠬᠡᠮᠵᠢᠶ᠎ᠡ ᠶᠢᠨ ᠨᠡᠮᠡᠭᠳᠡᠬᠦ ᠶᠢ ᠳᠠᠭᠠᠯᠳᠤᠨ᠂ ᠬᠤᠷᠠᠭᠠᠯᠠᠭᠰᠠᠨ ᠤ ᠳᠠᠷᠠᠭᠠᠬᠢ ᠬᠠᠭᠠᠰ ᠰᠠᠷ᠎ᠠ ᠠᠴᠠ ᠡᠬᠢᠯᠡᠨ ᠬᠤᠯᠢᠮᠠᠭ ᠳᠡᠵᠢᠭᠡᠯ ᠪᠤᠷᠳᠤᠭ᠎ᠠ ᠨᠦᠬᠦᠪᠦᠷᠢᠯᠡᠵᠤ ᠦᠭᠪᠡᠯ ᠵᠤᠬᠢᠨ᠎ᠠ᠃ ᠳᠡᠵᠢᠭᠡᠬᠦ ᠬᠡᠮᠵᠢᠶ᠎ᠡ ᠶᠢ ᠪᠡᠶ᠎ᠡ ᠶᠢᠨ ᠦᠰᠦᠯᠳᠡ ᠨᠡᠮᠡᠭᠳᠡᠬᠦ ᠶᠢ ᠳᠠᠭᠠᠯᠳᠤᠭᠤᠯᠵᠤ ᠳᠤᠬᠢᠷᠠᠭᠤᠯᠤᠨ᠎ᠠ᠃ ᠶᠡᠷᠦ ᠳᠡᠭᠡᠨ ᠬᠠᠭᠠᠰ ᠰᠠᠷ᠎ᠠ ᠪᠤᠯᠤᠭᠰᠠᠨ ᠬᠤᠷᠠᠭ᠎ᠠ ᠳᠤ 50 — 75 ᠭᠷᠡᠮ ᠪᠤᠷᠳᠤᠭ᠎ᠠ᠂ 30 — 60 ᠡᠳᠦᠷ ᠪᠤᠯᠤᠭᠰᠠᠨ ᠬᠤᠷᠠᠭ᠎ᠠ ᠳᠤ 100 ᠭᠷᠡᠮ ᠪᠤᠷᠳᠤᠭ᠎ᠠ᠂ 60 — 90 ᠡᠳᠦᠷ ᠪᠤᠯᠤᠭᠰᠠᠨ ᠬᠤᠷᠠᠭ᠎ᠠ ᠳᠤ 200 ᠭᠷᠡᠮ ᠪᠤᠷᠳᠤᠭ᠎ᠠ᠂ 90 — 120 ᠡᠳᠦᠷ ᠪᠤᠯᠤᠭᠰᠠᠨ ᠬᠤᠷᠠᠭ᠎ᠠ ᠳᠤ 250 ᠭᠷᠡᠮ ᠪᠤᠷᠳᠤᠭ᠎ᠠ ᠦᠭᠳᠡᠭ᠃    5. ᠬᠤᠷᠠᠭᠠᠯᠠᠭᠰᠠᠨ ᠤ ᠳᠠᠷᠠᠭᠠᠬᠢ 90 — 120 ᠡᠳᠦᠷ ᠳᠤᠰ ᠬᠤᠭᠤᠴᠠᠭᠠᠨ ᠳᠤ ᠦᠰᠦᠯᠳᠡ ᠪᠤᠶᠢᠵᠢᠯᠳᠠ ᠶᠢ ᠦᠨᠳᠦᠰᠦᠯᠡᠵᠤ ᠰᠦ ᠠᠴᠠ ᠨᠢ ᠰᠠᠯᠭᠠᠨ᠎ᠠ᠃ ᠰᠦ ᠠᠴᠠ ᠨᠢ ᠳᠦᠷᠭᠡᠨ ᠰᠠᠯᠭᠠᠬᠤ ᠪᠠ ᠠᠭᠠᠵᠢᠮ ᠢᠶᠠᠷ ᠰᠠᠯᠭᠠᠬᠤ ᠭᠡᠵᠤ ᠬᠤᠶᠠᠷ ᠵᠦᠢᠯ ᠤᠨ ᠠᠷᠭ᠎ᠠ ᠪᠠᠶᠢᠳᠠᠭ᠃ ᠡᠭᠦᠨ ᠤ ᠬᠠᠮᠳᠤ ᠬᠤᠷᠠᠭᠠᠨ ᠤ ᠦᠰᠦᠯᠳᠡ ᠪᠤᠶᠢᠵᠢᠯᠳᠠ ᠶᠢᠨ ᠪᠠᠶᠢᠳᠠᠯ ᠢ ᠦᠨᠳᠦᠰᠦᠯᠡᠵᠤ ᠰᠦ ᠠᠴᠠ ᠨᠢ ᠰᠠᠯᠭᠠᠬᠤ ᠴᠠᠭ ᠢ ᠤᠷᠢᠳᠴᠢᠯᠠᠭᠤᠯᠬᠤ ᠪᠠ ᠬᠤᠶᠢᠰᠢᠯᠠᠭᠤᠯᠵᠤ ᠪᠤᠯᠤᠨ᠎ᠠ᠃ ᠰᠦ ᠠᠴᠠ ᠨᠢ ᠰᠠᠯᠭᠠᠬᠤ ᠦᠶ᠎ᠡ ᠳᠤ ᠡᠳᠦᠷ ᠪᠦᠷᠢ ᠡᠷᠳᠡ ᠤᠷᠤᠢ ᠬᠤᠶᠠᠷ ᠤᠳᠠᠭ᠎ᠠ ᠬᠦᠬᠦᠬᠦᠯᠵᠤ᠂ ᠡᠪᠡᠰᠤ ᠪᠤᠷᠳᠤᠭ᠎ᠠ ᠪᠠᠷ ᠳᠡᠵᠢᠭᠡᠬᠦ ᠤᠳᠠᠭ᠎ᠠ ᠪᠠᠨ ᠨᠡᠮᠡᠭᠳᠡᠭᠦᠯᠦᠨ᠂ ᠬᠤᠷᠠᠭ᠎ᠠ ᠶᠢᠨ ᠬᠦᠬᠦᠬᠦ ᠳᠤᠭ᠎ᠠ ᠬᠡᠮᠵᠢᠶ᠎ᠡ ᠶᠢ ᠪᠠᠭᠠᠰᠬᠠᠨ᠎ᠠ᠃ ᠡᠩ ᠤᠨ ᠪᠠᠶᠢᠳᠠᠯ ᠳᠤ 7 — 10 ᠡᠳᠦᠷ ᠲᠤ ᠰᠦ ᠠᠴᠠ ᠨᠢ ᠪᠦᠷᠢᠮᠦᠰᠦᠨ ᠰᠠᠯᠭᠠᠵᠤ ᠳᠡᠶᠢᠯᠦᠨ᠎ᠡ᠃ ᠳᠦᠯ ᠳᠤᠰᠬᠤ ᠴᠠᠭ ᠨᠢ ᠨᠡᠯᠢᠶᠡᠳ ᠳᠦᠪᠯᠡᠷᠡᠭᠰᠡᠨ ᠪᠤᠶᠤ ᠡᠬᠡ ᠮᠠᠯ ᠤᠨ ᠰᠦ ᠬᠦᠷᠦᠯᠴᠡᠬᠦ ᠦᠭᠡᠢ ᠪᠠᠶᠢᠳᠠᠯ ᠳᠤᠤᠷ᠎ᠠ ᠬᠠᠮᠤᠭ ᠰᠠᠶᠢᠨ ᠨᠢ ᠰᠦ ᠠᠴᠠ ᠨᠢ ᠳᠦᠷᠭᠡᠨ ᠰᠠᠯᠭᠠᠬᠤ ᠠᠷᠭ᠎ᠠ ᠶᠢ ᠠᠪᠤᠪᠠᠯ ᠵᠤᠬᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号