ᠬᠠᠪᠤᠷ ᠤᠨ ᠡᠬᠢ ᠪᠠᠷ ᠵᠢᠮᠢᠰ ᠤᠨ ᠮᠤᠳᠤ ᠹᠢᠽᠢᠤᠯᠤᠭᠢ ᠶᠢᠨ ᠴᠢᠨᠠᠷᠳᠠᠢ ᠭᠠᠩᠳᠠᠬᠤ ᠠᠴᠠ ᠪᠤᠯᠵᠤ ᠨᠢᠯᠬ᠎ᠠ ᠮᠤᠳᠤᠨ ᠤ ᠮᠦᠴᠢᠷ ᠬᠠᠳᠠᠬᠤ ᠶᠢ ᠬᠡᠷᠬᠢᠨ ᠰᠡᠷᠭᠡᠶᠢᠯᠡᠬᠦ ᠪᠤᠢ
ᠨᠡᠶᠢᠲᠡᠯᠡᠭᠰᠡᠨ ᠴᠠᠭ᠄
2020/4/15
   ᠨᠢᠯᠬ᠎ᠠ ᠮᠤᠳᠤᠨ ᠤ ᠮᠦᠴᠢᠷ ᠬᠠᠳᠠᠬᠤ ᠭᠡᠳᠡᠭ ᠪᠤᠯ ᠬᠠᠪᠤᠷ ᠤᠨ ᠡᠬᠢ ᠪᠠᠷ ᠤᠮᠠᠷᠠᠳᠤ ᠤᠷᠤᠨ ᠤ ᠨᠢᠯᠬ᠎ᠠ ᠮᠤᠳᠤᠨ ᠤ ᠵᠠᠷᠢᠮ ᠰᠠᠯᠠᠭ᠎ᠠ ᠮᠦᠴᠢᠷ ᠨᠢ ᠬᠠᠳᠠᠵᠤ ᠬᠤᠷᠪᠤᠶᠢᠬᠤ᠂ ᠬᠤᠪᠠᠭ᠋ᠠᠶᠢᠷᠠᠵᠤ ᠦᠬᠦᠬᠦ ᠵᠡᠷᠭᠡ ᠦᠵᠡᠭᠳᠡᠯ ᠢ ᠬᠡᠯᠡᠵᠤ ᠪᠤᠢ᠃ ᠭᠤᠤᠯ ᠰᠢᠯᠳᠠᠭᠠᠨ ᠨᠢ ᠤᠮᠠᠷᠠᠳᠤ ᠤᠷᠤᠨ ᠤ ᠨᠠᠮᠤᠷ ᠤᠨ ᠤᠯᠠᠷᠢᠯ ᠳᠤᠯᠠᠭᠠᠨ ᠪᠠᠶᠢᠵᠤ᠂ ᠨᠢᠯᠬ᠎ᠠ ᠮᠤᠳᠤᠨ ᠤ ᠰᠠᠯᠠᠭ᠎ᠠ ᠮᠦᠴᠢᠷ ᠤᠨ ᠤᠷᠭᠤᠯᠳᠠ ᠨᠢ ᠬᠦᠭᠵᠢᠯᠳᠡᠢ ᠪᠤᠯᠳᠠᠭ᠃ ᠬᠡᠪᠡᠴᠤ ᠡᠪᠤᠯ ᠤᠨ ᠬᠠᠬᠢᠷ ᠭᠦᠢᠳᠡᠨ ᠢ ᠦᠩᠭᠡᠷᠡᠭᠦᠯᠦᠭᠡᠳ ᠬᠦᠷᠦᠰᠦ ᠪᠦᠷᠢᠮᠦᠰᠦᠨ ᠭᠡᠰᠤᠭᠡᠳᠦᠢ ᠠᠴᠠ ᠪᠤᠯᠵᠤ ᠦᠨᠳᠦᠰᠦᠨ ᠤ ᠰᠢᠰᠲ᠋ᠧᠮ ᠨᠢ ᠬᠦᠷᠦᠰᠦᠨ ᠤ ᠤᠰᠤ ᠶᠢ ᠭᠦᠢᠴᠡᠳ ᠰᠢᠩᠭᠡᠭᠡᠵᠤ ᠳᠡᠶᠢᠯᠬᠦ ᠦᠭᠡᠢ᠂ ᠬᠠᠪᠤᠷ ᠤᠨ ᠡᠬᠢ ᠪᠠᠷ ᠳᠤᠯᠠᠭᠠᠨ ᠤ ᠬᠡᠮᠵᠢᠶ᠎ᠡ ᠭᠡᠨᠡᠳᠳᠡ ᠳᠡᠭᠡᠭᠰᠢᠯᠡᠭᠡᠳ᠂ ᠰᠠᠯᠬᠢ ᠶᠡᠭᠡ ᠪᠤᠶᠤ ᠭᠠᠩ ᠬᠠᠭᠤᠷᠠᠢ ᠠᠴᠠ ᠪᠤᠯᠵᠤ ᠨᠢᠯᠬ᠎ᠠ ᠮᠤᠳᠤᠨ ᠤ ᠮᠦᠴᠢᠷ ᠨᠢ ᠶᠡᠭᠡ ᠬᠡᠮᠵᠢᠶ᠎ᠡ ᠪᠠᠷ ᠤᠰᠤ ᠳᠤᠳᠠᠭᠰᠠᠨ ᠠᠴᠠ ᠬᠠᠳᠠᠬᠤ ᠬᠤᠪᠠᠭ᠋ᠠᠶᠢᠷᠠᠳᠠᠭ᠃ ᠰᠡᠷᠭᠡᠶᠢᠯᠡᠬᠦ ᠠᠷᠭ᠎ᠠ ᠪᠠᠷᠢᠯ ᠨᠢ ᠭᠤᠤᠯᠳᠠᠭᠤ ᠳᠤᠤᠷᠠᠬᠢ ᠮᠡᠳᠤ ᠬᠡᠳᠦᠨ ᠵᠦᠢᠯ ᠪᠤᠢ᠄        1. ᠨᠠᠮᠤᠷ ᠤᠨ ᠤᠯᠠᠷᠢᠯ ᠳᠤ ᠬᠡᠳᠦᠷᠬᠡᠢ ᠤᠷᠭᠤᠭᠰᠠᠨ ᠮᠦᠴᠢᠷ ᠢ ᠮᠦᠴᠢᠵᠤ ᠤᠷᠤᠢ ᠬᠢᠷᠭᠠᠵᠤ᠂ ᠬᠡᠳᠦᠷᠬᠡᠢ ᠤᠷᠭᠤᠬᠤ ᠶᠢ ᠨᠢ ᠬᠢᠵᠠᠭᠠᠷᠯᠠᠵᠤ᠂ ᠢᠳᠡᠷᠡᠭᠦᠨ ᠤᠷᠭᠤᠬᠤ ᠶᠢ ᠠᠬᠢᠭᠤᠯᠤᠨ᠎ᠠ᠃        2. ᠨᠠᠮᠤᠷ ᠤᠨ ᠤᠯᠠᠷᠢᠯ ᠳᠤ ᠵᠢᠮᠢᠰ ᠤᠨ ᠮᠤᠳᠤ ᠤᠷᠭᠤᠬᠤ ᠪᠠᠨ ᠵᠤᠭᠰᠤᠪᠠᠯ ᠮᠤᠳᠤᠨ ᠤ ᠨᠠᠪᠴᠢ ᠶᠢ ᠨᠢ ᠰᠢᠪᠳᠤᠷᠴᠤ᠂ ᠤᠷᠭᠤᠯᠳᠠ ᠨᠢ ᠬᠦᠭᠵᠢᠯᠳᠡᠢ ᠪᠤᠯᠪᠠᠴᠤ ᠢᠳᠡᠷᠡᠭᠦᠨ ᠪᠢᠰᠢ ᠰᠠᠯᠠᠭ᠎ᠠ ᠶᠢ ᠨᠢ ᠬᠠᠶᠢᠴᠢᠯᠠᠵᠤ ᠬᠠᠶᠠᠨ᠎ᠠ᠃      3. ᠭᠤᠤᠯ ᠮᠤᠳᠤᠨ ᠳᠡᠭᠡᠷ᠎ᠡ ᠨᠢ ᠴᠤᠬᠤᠢ ᠳᠦᠷᠬᠢᠬᠦ ᠪᠤᠶᠦ ᠡᠰᠡᠭᠦᠯ᠎ᠡ ᠮᠤᠳᠤᠨ ᠤ ᠤᠭ ᠬᠡᠰᠡᠭ ᠲᠤ ᠬᠠᠮᠠᠭᠠᠯᠠᠬᠤ ᠪᠦᠷᠭᠦᠭᠦᠯ ᠤᠷᠢᠶᠠᠵᠤ᠂ ᠤᠰᠤᠨ ᠤ ᠠᠭᠤᠷᠰᠢᠯᠳᠠ ᠶᠢ ᠪᠠᠭᠠᠰᠬᠠᠵᠤ᠂ ᠬᠦᠢᠳᠡᠨ ᠢ ᠡᠰᠡᠷᠭᠦᠴᠡᠬᠦ ᠪᠤᠯᠤᠨ ᠭᠠᠩ ᠢ ᠡᠰᠡᠷᠭᠦᠴᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃        4. ᠴᠠᠭ ᠳᠤᠬᠠᠢ ᠳᠤᠨᠢ ᠳᠤᠬᠢᠷᠠᠭᠤᠯᠵᠤ ᠡᠪᠤᠯ ᠤᠰᠤᠯᠠᠬᠤ᠂ ᠬᠦᠷᠦᠰᠦᠨ ᠤ ᠴᠢᠬᠢᠭ ᠤᠨ ᠬᠡᠮᠵᠢᠶ᠎ᠡ ᠶᠢ ᠨᠡᠮᠡᠭᠳᠡᠭᠦᠯᠵᠤ᠂ ᠮᠤᠳᠤᠨ ᠰᠠᠭᠤᠷᠢ ᠶᠢᠨ ᠭᠦᠢᠳᠡᠨ ᠪᠠ ᠭᠠᠩ ᠢ ᠡᠰᠡᠷᠭᠦᠴᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃      5. ᠬᠠᠪᠤᠷ ᠤᠨ ᠡᠬᠢ ᠪᠠᠷ ᠨᠢᠯᠬ᠎ᠠ ᠮᠤᠳᠤᠨ ᠳᠤ ᠬᠠᠮᠠᠭᠠᠯᠠᠬᠤ ᠡᠳ᠋ ᠰᠦᠷᠴᠢᠵᠤ᠂ ᠨᠢᠯᠬ᠎ᠠ ᠮᠤᠳᠤᠨ ᠤ ᠤᠰᠤᠨ ᠤ ᠠᠭᠤᠷᠰᠢᠯᠳᠠ ᠶᠢ ᠪᠠᠭᠠᠰᠬᠠᠨ᠂ ᠮᠦᠴᠢᠷ ᠬᠠᠳᠠᠬᠤ ᠠᠴᠠ ᠰᠡᠷᠭᠡᠶᠢᠯᠡᠬᠦ ᠬᠡᠷᠡᠭᠳᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号