ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠨᠢᠭᠡᠲᠤᠭᠡᠷ ᠲᠤᠮᠲᠠᠲᠦ ᠰᠤᠷᠭᠠᠭᠤᠯᠢ ᠶᠢᠨ 2020 ᠤᠨ ᠤ ᠤᠯᠤᠰ ᠤᠨ ᠰᠢᠯᠭᠠᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2020/8/24
   ᠡᠨᠡ ᠵᠢᠯ ᠮᠠᠨ ᠤ ᠰᠤᠷᠭᠠᠭᠤᠯᠢ ᠶᠢᠨ ᠨᠡᠶᠢᠲᠡ 509 ᠰᠤᠷᠤᠭᠴᠢ ᠤᠯᠤᠰ ᠤᠨ ᠰᠢᠯᠭᠠᠯᠲᠠ ᠳᠤ ᠣᠷᠣᠯᠴᠠᠪᠠ᠃ ᠡᠭᠦᠨ ᠳᠤ 500 ᠬᠤᠪᠢ ᠠᠴᠠ ᠳᠡᠭᠡᠭᠰᠢ 31 ᠬᠥᠮᠦᠨ ᠪᠠᠶᠢᠵᠤ᠂ ᠲᠣᠰ ᠲᠣᠰ ᠨᠡᠶᠢᠭᠡᠮ ᠤᠨ ᠰᠢᠨᠵᠢᠯᠡᠬᠦ ᠤᠬᠠᠭᠠᠨ  ᠤ ᠠᠠᠩᠬᠢ ᠶᠢᠨ 23 ᠬᠥᠮᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠬᠢ ᠶᠢᠨ 8 ᠬᠥᠮᠦᠨ ᠪᠠᠶᠢᠨ᠎ᠠ᠃ ᠠᠳᠠᠯᠢ ᠬᠤᠭᠤᠴᠠᠭᠠᠨ ᠤ ᠬᠢ 2019 ᠣᠨ ᠤ ᠤᠯᠤᠰ ᠤᠨ ᠰᠢᠯᠭᠠᠯᠲᠠ ᠶᠢᠨ 500 ᠬᠤᠪᠢ ᠠᠴᠠ ᠳᠡᠭᠡᠭᠰᠢᠬᠢ 9 ᠬᠥᠮᠦᠨ ᠠᠴᠠ ᠶᠡᠭᠡ ᠬᠡᠮᠵᠢᠶ᠎ᠡ ᠪᠠᠷ ᠳᠡᠭᠡᠭᠰᠢᠯᠡᠵᠡᠶ᠃    283 ᠬᠥᠮᠦᠨ ᠵᠢᠩᠬᠢᠨᠢ ᠠᠩᠬᠢ ᠶᠢᠨ ᠨᠢᠭᠡᠲᠦᠭᠡᠷ ᠬᠤᠪᠢ ᠶᠢᠨ ᠱᠤᠭᠤᠮ ᠢ ᠳᠠᠪᠠᠵᠦ᠂ ᠨᠢᠭᠡᠲᠦᠭᠡᠷ ᠬᠤᠪᠢ  ᠶᠢᠨ ᠱᠤᠭᠤᠮ ᠢ ᠳᠠᠪᠠᠭᠰᠠᠨ ᠨᠣᠷᠮ᠎ᠠ ᠨᠢ 51% ᠪᠠᠶᠢᠵᠤ᠂ ᠵᠢᠩᠬᠢᠨᠢ ᠠᠩᠭᠢ ᠳᠤ ᠣᠷᠣᠬᠤ ᠨᠣᠷᠮ᠎ᠠ ᠨᠢ 90.17%  ᠃ ᠥᠩᠭᠡᠷᠡᠭᠰᠡᠨ ᠵᠢᠯ ᠤᠳ ᠤᠨ ᠬᠢ ᠠᠴᠠ 3.01 ᠵᠠᠭᠤᠨ ᠤ ᠨᠢᠭᠡᠴᠢ ᠨᠡᠮᠡᠭᠳᠡᠵᠡᠶ᠃    ᠳᠠᠩ ᠬᠢᠴᠢᠶᠡᠯ ᠤᠨ ᠬᠢᠷᠢ ᠪᠦᠲᠦᠮᠵᠢ ᠨᠢ ᠬᠥᠮᠦᠨ ᠢ ᠣᠮᠣᠭᠰᠢᠭᠤᠯᠳᠠᠭ᠂ ᠮᠣᠩᠭᠤᠯ ᠬᠡᠯᠡ᠂ ᠬᠢᠲᠠᠳ ᠬᠡᠯᠡ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠭᠠᠨ ᠤ ᠤᠬᠠᠭᠠᠨ ᠲᠣᠰ ᠲᠣᠰ ᠪᠦᠬᠦ ᠠᠶᠢᠮᠠᠭ ᠤᠨ ᠲᠡᠷᠢᠭᠦᠨ ᠤ ᠮᠠᠩᠯᠠᠶ ᠶᠢ ᠪᠤᠯᠢᠶᠠᠨ ᠠᠪᠤᠪᠠ︕    ᠨᠢᠭᠡ᠂ ᠶᠡᠷᠦᠩᠬᠡᠢ ᠬᠤᠪᠢ ᠶᠢᠨ ᠬᠢᠷᠢ ᠪᠦᠲᠦᠮᠵᠢ ᠨᠢ ᠪᠠᠶᠠᠷᠯᠠᠭᠤᠰᠢᠲᠠᠢ    ᠨᠡᠶᠢᠭᠡᠮ ᠤᠨ ᠰᠢᠨᠵᠢᠯᠡᠬᠦ ᠤᠬᠠᠭᠠᠨ ᠤ ᠬᠠᠮᠤᠭ ᠥᠨᠳᠥᠷ ᠬᠤᠪᠢ ᠨᠢ ᠳᠡᠭᠡᠲᠦ ᠭᠤᠷᠪᠠ ᠶᠢᠨ ᠨᠢᠭᠡ ᠶᠢᠨ ᠹᠦ᠋ ᠵᠢᠩ ᠶᠤᠸᠠᠨ ᠰᠤᠷᠤᠭᠴᠢ ᠶᠢᠨ 584 ᠬᠤᠪᠢ ᠪᠠᠶᠢᠵᠦ᠂ ᠠᠳᠠᠯᠢ ᠱᠠᠲᠤᠨ ᠤ ᠠᠳᠠᠯᠢ ᠲᠥᠷᠥᠯ ᠤᠨ ᠰᠤᠷᠭᠠᠭᠤᠯᠢ  ᠳᠤ ᠶᠡᠷᠦᠩᠬᠡᠶ ᠬᠤᠪᠢ ᠨᠢ ᠭᠤᠷᠪᠠᠳᠤᠭᠠᠷ ᠲᠤ ᠣᠷᠣᠨ᠎ᠠ᠃ ᠲᠤᠰ ᠰᠤᠷᠤᠭᠴᠢ ᠶᠢᠨ ᠠᠩᠭᠢ ᠶᠢᠨ ᠡᠷᠬᠢᠯᠡᠭᠴᠢ ᠨᠢ ᠪᠠᠢ ᠰᠢᠤ ᠵᠧᠨ ᠪᠠᠭᠰᠢ ᠪᠠᠶᠢᠵᠤ᠂ ᠬᠢᠴᠢᠶᠡᠯ ᠡᠷᠬᠢᠯᠡᠭᠴᠢ ᠪᠠᠭᠰᠢ ᠨᠢ ᠲᠤᠰ ᠲᠤᠰ ᠬᠤᠪᠢᠰᠬᠠᠯᠲᠤ᠂ ᠪᠠᠢ ᠤᠯᠠᠭᠠᠨ᠂ ᠲᠦᠩ ᠲᠤᠶᠠᠭ᠎ᠠ᠂ ᠯᠢ ᠮᠢᠨ᠂ ᠪᠠᠢ ᠰᠢᠤ ᠵᠧᠨ᠂ ᠠᠯᠲᠠᠨᠪᠠᠭᠠᠨ᠎ᠠ᠂ ᠸᠠᠩ ᠱᠦ ᠴᠢᠨ᠂ ᠡᠦ ᠰᠠᠷᠠᠨ᠎ᠠ ᠪᠠᠭᠰᠢ ᠪᠠᠶᠢᠪᠠ     ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠠᠮᠤᠭ ᠥᠨᠳᠥᠷ ᠬᠤᠪᠢ ᠨᠢ ᠳᠡᠭᠡᠲᠦ ᠭᠤᠷᠪᠠ ᠶᠢᠨ ᠬᠤᠶᠠᠷ ᠤᠨ ᠪᠦᠦ ᠭᠠᠩ ᠵᠢᠶᠦ᠋ᠨ ᠬᠠᠮᠲᠤ ᠰᠤᠷᠤᠯᠭᠠᠲᠠᠨ ᠤ 581 ᠬᠤᠪᠢ ᠪᠠ ᠳᠡᠭᠡᠲᠦ ᠭᠤᠷᠪᠠ ᠶᠢᠨ ᠬᠤᠶᠠᠷ ᠤᠨ  ᠸᠠᠩ ᠫᠧᠩ ᠴᠧᠩ ᠬᠠᠮᠲᠤ ᠰᠤᠷᠤᠯᠭᠠᠲᠠᠨ ᠤ 576 ᠬᠤᠪᠢ᠃ ᠠᠳᠠᠯᠢ ᠱᠠᠲᠤᠨ ᠤ ᠠᠳᠠᠯᠢ ᠲᠥᠷᠥᠯ ᠤᠨ ᠰᠤᠷᠭᠠᠭᠤᠯᠢ ᠶᠢᠨ ᠶᠡᠷᠦᠩᠬᠡᠶ ᠬᠤᠪᠢ ᠶᠢᠨ ᠵᠢᠭᠰᠠᠭᠠᠯᠲᠠ ᠳᠤ ᠲᠣᠰ ᠲᠣᠰ ᠨᠢᠭᠡᠳᠦᠭᠡᠷ᠂ ᠬᠤᠶᠠᠳᠤᠭᠠᠷ ᠲᠤ ᠵᠢᠭᠰᠠᠭᠠᠭᠳᠠᠪᠠ᠃ ᠲᠤᠰ ᠰᠤᠷᠤᠭᠴᠢ ᠶᠢᠨ ᠠᠩᠭᠢ ᠶᠢᠨ ᠡᠷᠬᠢᠯᠡᠭᠴᠢ ᠨᠢ ᠬᠠᠢ ᠶᠢᠩ ᠪᠠᠭᠰᠢ ᠪᠠᠶᠢᠵᠤ᠂ ᠬᠢᠴᠢᠶᠡᠯ ᠡᠷᠬᠢᠯᠡᠭᠴᠢ ᠪᠠᠭᠰᠢ ᠨᠢ ᠲᠤᠰ ᠲᠤᠰ ᠠᠯᠳ᠋ᠬᠠᠭᠤᠯᠠ᠂ ᠬᠤᠪᠢᠰᠬᠠᠯᠲᠤ᠂ ᠪᠠᠢ ᠬᠤᠩ ᠮᠧᠢ᠂ ᠵᠠᠩ ᠠ ᠨᠢ᠂ ᠡᠦ ᠵᠢᠶᠦ᠋ᠨ ᠴᠢᠨ᠂ ᠪᠦᠦ ᠸᠧᠨ ᠫᠢᠩ᠂ ᠬᠠᠢ ᠶᠢᠩ᠂ ᠬᠠᠰᠴᠡᠴᠡᠭ ᠪᠠᠭᠰᠢ ᠪᠣᠯᠤᠨ᠎ᠠ᠃    ᠬᠤᠶᠠᠷ᠂ ᠳᠠᠩ ᠬᠢᠴᠢᠶᠡᠯ ᠤᠨ ᠬᠢᠷᠢ ᠪᠦᠲᠦᠮᠵᠢ ᠨᠢ ᠬᠥᠮᠦᠨ ᠢ ᠣᠮᠣᠭᠰᠢᠭᠤᠯᠤᠨ᠎ᠠ    1. ᠮᠣᠩᠭᠤᠯ ᠬᠡᠯᠡ ᠪᠢᠴᠢᠭ᠄ ᠬᠤᠪᠢᠰᠬᠠᠯᠲᠤ ᠪᠠᠭᠰᠢ ᠶᠢᠨ ᠵᠢᠭᠠᠨ ᠵᠢᠯᠤᠭᠤᠳᠤᠭᠰᠠᠨ ᠹᠦ᠋ ᠵᠢᠩ ᠶᠤᠸᠠᠨ ᠰᠤᠷᠤᠭᠴᠢ 137 ᠬᠤᠪᠢ ᠪᠠᠷ ᠪᠦᠬᠦ ᠠᠶᠢᠮᠠᠭ ᠤᠨ ᠮᠣᠩᠭᠤᠯ ᠬᠡᠯᠡ ᠪᠢᠴᠢᠭ ᠤᠨ ᠳᠠᠩ ᠬᠢᠴᠢᠶᠡᠯ ᠤᠨ ᠨᠢᠭᠡᠳᠦᠭᠡᠷ ᠨᠡᠷᠡᠰ ᠢ ᠲᠡᠮᠡᠴᠡᠨ ᠣᠯᠵᠠᠶ᠃᡽    2. ᠬᠢᠲᠠᠳ ᠬᠡᠯᠡ᠄ ᠲᠦᠩ ᠲᠤᠶᠠᠭ᠎ᠠ ᠪᠠᠭᠰᠢ᠂ ᠪᠠᠶ ᠤᠯᠠᠭᠠᠨ ᠪᠠᠭᠰᠢ ᠶᠢᠨ ᠵᠢᠭᠠᠨ ᠵᠢᠯᠤᠭᠤᠳᠤᠭᠰᠠᠨ ᠪᠦᠦ ᠵᠢᠩ ᠵᠢᠩ᠂ ᠪᠦᠦ ᠰᠢᠨ ᠵᠢᠩ ᠬᠤᠶᠠᠷ ᠬᠠᠮᠲᠤ ᠰᠤᠷᠤᠯᠭᠠᠲᠠᠨ ᠴᠥᠮ 147.5 ᠬᠤᠪᠢ ᠪᠠᠷ ᠪᠥᠬᠦ ᠠᠶᠢᠮᠠᠭ ᠤᠨ ᠬᠢᠲᠠᠳ ᠬᠡᠯᠡᠨ ᠤ ᠲᠠᠩ ᠬᠢᠴᠢᠶᠡᠯ ᠤᠨ ᠨᠢᠭᠡᠳᠦᠭᠡᠷ ᠪᠠᠶᠢᠷᠢᠨ ᠳᠤ ᠯᠠᠪᠳᠠᠭᠤᠨ ᠰᠠᠭᠤᠵᠠᠶ︕    3. ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠯ᠄ ᠠᠯᠲᠠᠨᠪᠠᠭᠠᠨ᠎ᠠ ᠪᠠᠭᠰᠢ᠂ ᠵᠧᠤ ᠬᠠᠶ ᠴᠢᠨ ᠪᠠᠭᠰᠢ᠂ ᠸᠠᠩ ᠱᠦ ᠴᠢᠨ ᠪᠠᠭᠰᠢ᠂ ᠬᠠᠰᠲᠤᠶᠠᠭ᠎ᠠ ᠪᠠᠭᠰᠢ᠂ ᠡᠤ ᠰᠠᠷᠡᠨ᠎ᠡ ᠪᠠᠭᠰᠢ ᠶᠢᠨ ᠬᠠᠮᠲᠤ ᠪᠠᠷ ᠵᠢᠭᠠᠨ ᠵᠢᠯᠤᠭᠤᠳᠤᠭᠰᠠᠨ ᠲᠠᠢ ᠸᠧᠨ ᠰᠢᠶᠠ ᠬᠠᠮᠲᠤ ᠰᠤᠷᠤᠯᠭᠠᠲᠠᠨ 228.5 ᠬᠤᠪᠢ ᠪᠠᠷ ᠪᠥᠬᠦ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠯ ᠤᠨ ᠨᠢᠭᠡᠳᠦᠭᠡᠷ ᠲᠤ ᠣᠷᠣᠪᠠ᠃    4. ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠭᠠᠨ ᠤ ᠤᠬᠠᠭᠠᠨ᠄ ᠡᠦ ᠵᠢᠶᠦ᠋ᠨ ᠴᠢᠨ ᠪᠠᠭᠰᠢ ᠶᠢᠨ ᠵᠢᠭᠠᠨ ᠵᠢᠯᠤᠭᠤᠳᠤᠭᠰᠠᠨ ᠸᠠᠩ ᠫᠧᠩ ᠴᠧᠩ 130 ᠬᠤᠪᠢ ᠪᠠᠷ ᠪᠦᠬᠦ ᠠᠶᠢᠮᠠᠭ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠭᠠᠨ ᠤ ᠤᠬᠠᠭᠠᠨ ᠤ ᠳᠠᠩ ᠬᠢᠴᠢᠶᠡᠯ ᠤᠨ ᠨᠢᠭᠡᠳᠦᠭᠡᠷ ᠳᠡᠰ ᠤᠨ ᠮᠠᠩᠯᠠᠶ ᠳᠤ ᠰᠢᠯᠭᠠᠷᠠᠵᠠᠶ᠃᡽  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号