ᠸᠠᠩ ᠤᠨ ᠰᠦᠮ᠎ᠡ ᠶᠢᠨ ᠦᠩᠭᠡᠷᠡᠭᠰᠡᠨ ᠤ ᠤᠴᠢᠷ ᠤᠳ ︵ᠭᠤᠷᠪᠠ︶
ᠨᠡᠶᠢᠲᠡᠯᠡᠭᠰᠡᠨ ᠴᠠᠭ᠄
2020/9/29
 ︽ᠣᠨᠴᠠ 868 ᠴᠡᠷᠢᠭ ᠠᠩᠭᠢ︾ ᠶᠢᠨ ᠮᠣᠩᠭᠤᠯ ᠴᠡᠷᠢᠭ ᠵᠡᠪᠰᠡᠭᠲᠦ ᠪᠣᠰᠣᠯᠭ᠎ᠠ ᠭᠠᠷᠭᠠᠬᠤ ᠪᠠᠷ ᠲᠦᠯᠦᠪᠯᠡᠪᠡ    1943 ᠣᠨ ᠤ 8 ᠰᠠᠷ᠎ᠠ ᠳᠤ᠂ ᠸᠠᠩ ᠤᠨ ᠰᠦᠮ᠎ᠡ ᠶᠢᠨ ᠬᠤᠶᠢᠲᠤ ᠲᠡᠭᠦᠷᠭᠡ ᠳᠠᠬᠢ ᠬᠠᠭᠤᠷᠮᠠᠭ ᠮᠠᠨᠵᠤ ᠶᠢᠨ ︽ᠣᠨᠴᠠ868 ᠴᠡᠷᠢᠭ ᠠᠩᠭᠢ︾ ᠶᠢᠨ 20 ᠭᠠᠷᠤᠶ ᠮᠣᠩᠭᠤᠯ ᠴᠡᠷᠢᠭ ᠡᠤ ᠸᠠᠩ ᠪᠦᠦ᠂ ᠱᠢᠷᠦᠪᠤᠯᠤ ᠵᠡᠷᠭᠡ ᠬᠥᠮᠦᠰ ᠤᠨ ᠤᠳᠤᠷᠢᠳᠤᠯᠭ᠎ᠠ ᠳᠣᠤᠷ᠎ᠠ ᠵᠡᠪᠰᠡᠭᠲᠦ ᠪᠣᠰᠣᠯᠭ᠎ᠠ ᠶᠢ ᠵᠣᠬᠢᠶᠠᠨ ᠪᠠᠶᠢᠭᠤᠯᠵᠠᠢ᠃    ᠡᠤ ᠸᠠᠩ ᠪᠤᠤ ᠤᠷᠲᠤ ᠬᠤᠭᠤᠴᠠᠭᠠᠨ ᠤ ᠬᠠᠮᠲᠤ ᠶᠢᠨ ᠠᠮᠢᠳᠤᠷᠠᠯ ᠳᠤᠮᠳᠠ ᠪᠠᠨ ᠴᠥᠭᠡᠨ ᠪᠤᠰᠤ ᠵᠣᠷᠢᠭ ᠨᠢᠭᠡᠲᠡᠢ ᠰᠠᠶᠢᠨ ᠨᠠᠶᠢᠵᠢ ᠨᠠᠷ ᠲᠠᠢ ᠲᠠᠨᠢᠯᠴᠠᠵᠤ᠂ ᠬᠠᠮᠲᠤ ᠶᠢᠨ ᠤᠴᠠᠷᠠᠯ ᠨᠢ ᠲᠡᠳᠡᠨ ᠢ ᠮᠠᠨᠵᠤ ᠪᠠ ᠶᠠᠫᠤᠨ ᠢ ᠡᠰᠡᠷᠭᠦᠴᠡᠬᠦ ᠵᠠᠮ ᠢᠶᠠᠷ ᠵᠠᠮᠨᠠᠭᠤᠯᠵᠠᠢ᠃ ᠡᠨᠡᠬᠦ ᠬᠠᠮᠲᠤ ᠶᠢᠨ ᠵᠣᠷᠢᠯᠭ᠎ᠠ ᠶᠢ ᠪᠡᠶᠡᠯᠡᠭᠦᠯᠬᠦ ᠶᠢᠨ ᠲᠥᠯᠥᠭᠡ ᠡᠦ ᠸᠠᠩ ᠪᠤᠤ ᠪᠠᠷ ᠲᠣᠯᠣᠭᠠᠶᠢᠯᠠᠭᠤᠯᠤᠭᠰᠠᠨ 9 ᠬᠥᠮᠦᠨ ᠲᠠᠩᠭᠠᠷᠢᠭᠯᠠᠵᠤ᠂ ᠴᠠᠭ ᠲᠣᠬᠢᠶᠠᠯ ᠡᠷᠢᠵᠦ ᠪᠣᠰᠣᠯᠭ᠎ᠠ ᠭᠠᠷᠭᠠᠬᠤ ᠪᠠᠷ ᠲᠣᠭᠲᠠᠪᠠ᠃ ᠸᠠᠩ ᠤᠨ ᠰᠦᠮ᠎ᠡ ᠳᠤ ᠰᠠᠭᠤᠭ᠎ᠠ ᠬᠠᠭᠤᠷᠮᠠᠭ ᠬᠢᠩᠭᠠᠨ ᠤ ᠮᠣᠷᠢᠲᠤ ᠴᠡᠷᠢᠭ ᠤᠨ 5 ᠳ᠋ᠤᠭᠠᠷ ᠬᠤᠷᠢᠶ᠎ᠠ ᠪᠣᠯᠤᠨ ᠶᠠᠪᠠᠭᠠᠨ ᠴᠡᠷᠢᠭ ᠤᠨ ᠬᠤᠷᠢᠶ᠎ᠠ ᠶᠢᠨ ᠬᠡᠰᠡᠭ ᠪᠠᠶᠢᠯᠳᠤᠭᠴᠢᠳ ᠲᠠᠢ ᠨᠢᠭᠤᠴᠠ ᠭᠡᠷ᠎ᠡ ᠲᠣᠭᠲᠠᠵᠠᠶ᠃ ᠡᠨᠡ ᠨᠢ ᠳᠠᠷᠤᠢ ᠸᠠᠩ ᠤᠨ ᠰᠦᠮ᠎ᠡ ᠠᠴᠠ ᠭᠠᠷᠴᠤ ᠲᠣᠭᠤᠷᠢᠭᠤ ᠵᠠᠮ ᠢᠶᠠᠷ ᠬᠢᠩᠭᠠᠨ ᠳᠠᠪᠠᠭᠠᠨ ᠳᠤ ᠤᠷᠤᠵᠤ᠂ ᠳᠠᠷᠠᠭ᠎ᠠ ᠳᠤᠨᠢ ᠦᠵᠦᠮᠦᠴᠢᠨ ᠬᠤᠰᠢᠭᠤ ᠪᠠᠷ ᠵᠠᠮ ᠵᠢᠭᠡᠯᠡᠵᠤ᠂ ᠪᠥᠬᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠤᠨ ᠬᠢᠯᠢ ᠳᠤ ᠤᠷᠤᠪᠠ᠃ ᠲᠡᠳᠡᠨ ᠤ ᠲᠠᠩᠭᠠᠷᠢᠭ ᠪᠣᠯ᠄ ︽ᠰᠡᠳᠬᠢᠯ ᠨᠢᠭᠡᠳᠦᠨ ᠪᠦᠯᠬᠦᠮᠳᠡᠵᠦ᠂ ᠠᠳᠠᠯᠢ ᠨᠢᠭᠡᠨ ᠡᠳᠦᠷ ᠲᠦᠷᠦᠬᠦ  ᠶᠢ ᠬᠦᠰᠡᠬᠦ ᠦᠭᠡᠢ ᠴᠦ᠂ ᠬᠠᠮᠲᠤ ᠦᠬᠦᠬᠦ ᠶᠢ ᠬᠦᠰᠡᠵᠤ᠂ ᠤᠯᠤᠰ ᠦᠨᠳᠦᠰᠦᠲᠡᠨ ᠠᠷᠠᠳ ᠲᠦᠮᠡᠨ ᠤ ᠪᠠᠨ ᠲᠥᠯᠥᠭᠡ᠂ ᠶᠠᠫᠣᠨ ᠵᠣᠯᠢᠭ ᠲᠠᠢ ᠡᠴᠦᠰ ᠲᠤᠨᠢ ᠲᠤᠯᠲᠠᠯ᠎ᠠ ᠴᠢᠰᠤᠨ ᠪᠠᠶᠢᠯᠳᠤᠭᠠᠨ ᠬᠢᠰᠦᠭᠡᠢ᠃︾     ᠴᠢᠮᠡᠭᠡ ᠵᠠᠳᠠᠷᠠᠭᠤᠯᠤᠭᠰᠠᠨ ᠠᠴᠠ ᠪᠤᠯᠵᠤ ᠪᠣᠰᠣᠯᠭ᠎ᠠ ᠢᠯᠠᠭᠳᠠᠵᠤ᠂ ᠡᠤ ᠸᠠᠩ ᠪᠦᠦ᠂ ᠱᠢᠷᠦᠪᠤᠯᠤ ᠵᠡᠷᠭᠡ 4 ᠬᠥᠮᠦᠨ ᠠᠯᠠᠭᠳᠠᠪᠠ᠃     ᠴᠢᠩᠭᠢᠰ ᠬᠠᠭᠠᠨ ᠤ ᠰᠦᠮ᠎ᠡ ᠪᠠᠶᠢᠭᠤᠯᠬᠤ    ᠶᠠᠫᠤᠨᠴᠤᠳ ᠸᠠᠩ ᠤᠨ ᠰᠦᠮ᠎ᠡ ᠶᠢ ᠡᠵᠡᠯᠡᠭᠡᠳ ᠳᠡᠮᠡᠶ ᠤᠳᠠᠭᠰᠠᠨ ᠦᠭᠡᠢ᠂ ᠬᠤᠶᠢᠲᠤ ᠠᠭᠤᠯᠠᠨ ᠪᠡᠯ ᠳᠡᠭᠡᠷ᠎ᠡ ︽ᠸᠠᠩ ᠤᠨ ᠰᠦᠮ᠎ᠡ ᠶᠢᠨ ᠰᠠᠬᠢᠭᠤᠯᠤᠨ ᠤ ᠬᠤᠷᠢᠶ᠎ᠠ︾ ᠭᠡᠳᠡᠭ ᠱᠠᠰᠢᠨ ᠤ ᠨᠡᠶᠢᠭᠡᠮᠯᠢᠭ ᠪᠠᠶᠢᠭᠤᠯᠵᠠᠶ᠃ ᠬᠤᠵᠢᠮ ᠨᠢ ︽ᠬᠢᠩᠭᠠᠨ‌‍ᠰᠠᠬᠢᠭᠤᠯᠤᠨ ᠤ ᠬᠤᠷᠢᠶ᠎ᠠ︾ ᠭᠡᠵᠦ ᠬᠠᠯᠠᠪᠠ᠃    1940 ᠣᠨ ᠤ ᠬᠠᠪᠤᠷ᠂ ᠨᠢᠭᠡ ᠪᠦᠯᠦᠭ ᠮᠣᠩᠭᠤᠯ ᠰᠡᠬᠡᠭᠡᠲᠡᠨ ᠵᠠᠯᠠᠭᠤᠴᠤᠳ ᠸᠠᠩ ᠤᠨ ᠰᠦᠮ᠎ᠡ ᠳᠤ ᠴᠢᠩᠭᠢᠰ ᠬᠠᠭᠠᠨ ᠤ ᠰᠦᠮ᠎ᠡ ᠪᠠᠶᠢᠭᠤᠯᠬᠤ ᠳᠤᠷᠠᠳᠤᠯᠭ᠎ᠠ ᠭᠠᠷᠭᠠᠵᠤ᠂ ᠴᠢᠩᠭᠢᠰ ᠬᠠᠭᠠᠨ ᠤ ᠰᠦᠮ᠎ᠡ ᠪᠠᠶᠢᠭᠤᠯᠬᠤ ᠺᠣᠮᠢᠰ ᠢ ᠪᠠᠶᠢᠭᠤᠯᠪᠠ᠃ ᠬᠠᠭᠤᠷᠮᠠᠭ ᠮᠠᠨᠵᠤ ᠶᠢᠨ ᠬᠢᠩᠭᠠᠨ ᠲᠣᠪᠴᠢᠶᠠᠨ ᠤ ᠶᠡᠷᠦᠩᠬᠡᠶ ᠵᠠᠬᠢᠷᠤᠯ ᠪᠠᠳᠮᠠᠷᠠᠪᠲᠠᠨ ᠢ ᠬᠤᠷᠠᠯ ᠤᠨ ᠳᠠᠷᠤᠭ᠎ᠠ ᠪᠠᠷ ᠲᠠᠨᠢᠯᠴᠠᠭᠤᠯᠵᠠᠶ᠂ ᠬᠢᠩᠭᠠᠨ ᠬᠠᠭᠤᠷᠠᠶ ᠵᠠᠮ ᠤᠨ ᠴᠡᠷᠢᠭ ᠤᠨ ᠣᠹᠢᠼᠧᠷ ᠤᠨ ᠰᠤᠷᠭᠠᠭᠤᠯᠢ ᠶᠢᠨ ᠵᠠᠬᠢᠷᠤᠯ ᠭᠠᠨᠵᠤᠤᠷᠵᠠᠪ᠂ ᠮᠣᠩᠭᠤᠯ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠤᠷᠠᠯ ᠤᠨ ᠬᠡᠷᠡᠭ ᠡᠷᠬᠢᠯᠡᠭᠴᠢ ᠮᠠᠨᠢᠪᠠᠳᠠᠷᠠ ᠶᠢ ᠳᠡᠳ᠋ ᠳᠠᠷᠤᠭ᠎ᠠ ᠪᠠᠷ ᠲᠠᠨᠢᠯᠴᠠᠭᠤᠯᠪᠠ᠃ ᠬᠢᠩᠭᠠᠨ ᠵᠡᠭᠦᠨ ᠪᠠᠷᠠᠭᠤᠨ ᠮᠤᠵᠢ ᠶᠢᠨ ᠵᠠᠬᠢᠷᠭ᠎ᠠ ᠶᠢᠨ ᠡᠷᠬᠢᠯᠡᠭᠴᠢ᠂ ᠬᠢᠩᠭᠠᠨ ᠬᠤᠶᠢᠲᠤ ᠮᠤᠵᠢ ᠶᠢᠨ ᠳᠠᠷᠤᠭ᠎ᠠ ᠵᠢᠴᠢ ᠡᠯ᠎ᠡ ᠬᠤᠰᠢᠭᠤ ᠶᠢᠨ ᠬᠤᠰᠢᠭᠤᠨ ᠳᠠᠷᠤᠭ᠎ᠠ ᠨᠠᠷ ᠭᠡᠰᠢᠭᠦᠨ ᠪᠣᠯᠪᠠ᠃ ᠡᠨᠡ ᠬᠦ ᠠᠵᠢᠯᠯᠠᠭ᠎ᠠ ᠨᠢ ᠪᠦᠬᠦ᠋ᠢᠯᠡ ᠵᠡᠭᠦᠨ ᠬᠤᠶᠢᠲᠤ ᠣᠷᠣᠨ ᠤ ᠮᠣᠩᠭᠤᠯ ᠦᠨᠳᠦᠰᠦᠲᠡᠨ ᠤ ᠠᠷᠠᠳ ᠲᠦᠮᠡᠨ ᠤ ᠬᠦᠷᠢᠶᠡᠯᠡᠯ ᠳᠡᠮᠵᠢᠯᠭᠡ ᠶᠢ ᠣᠯᠵᠤ᠂ ᠡᠳ᠋ ᠪᠤᠳᠠᠰ ᠢᠶᠠᠨ ᠵᠠᠯᠭ᠎ᠠ ᠵᠠᠯᠭ᠎ᠠ ᠪᠠᠷ ᠬᠠᠨᠳᠢᠪᠯᠠᠨ ᠴᠤᠭᠯᠠᠭᠤᠯᠪᠠ᠃ ᠮᠠᠲ᠋ᠧᠷᠢᠶᠠᠯ ᠳᠤ ᠲᠡᠮᠳᠡᠭᠯᠡᠭᠰᠡᠨ ᠢᠶᠠᠷ᠂ ᠬᠠᠭᠤᠷᠮᠠᠭ ᠮᠠᠨᠵᠤ ᠤᠯᠤᠰ ᠤᠨ ᠬᠢᠯᠢ ᠳᠣᠲᠣᠷ᠎ᠠ ᠰᠠᠭᠤᠵᠤ ᠪᠠᠶᠢᠭ᠎ᠠ ᠮᠤᠩᠭᠤᠯ ᠬᠥᠮᠦᠨ ᠪᠦᠷᠢ ᠬᠠᠭᠤᠷᠮᠠᠭ ᠮᠠᠨᠵᠤ ᠵᠣᠭᠤᠰ 5 ᠮᠥᠩᠭᠦ ᠬᠠᠨᠳᠢᠪᠯᠠᠭᠰᠠᠨ ᠪᠠᠶᠢᠨ᠎ᠠ᠃ ᠬᠢᠩᠭᠠᠨ ᠶᠡᠷᠦᠩᠬᠡᠶ ᠮᠤᠵᠢ ᠪᠣᠯᠤᠨ ᠬᠢᠩᠭᠠᠨ ᠬᠤᠶᠢᠲᠤ ᠮᠤᠵᠢ ᠪᠠᠷᠤᠭ 70 ᠲᠦᠮᠡᠨ ᠮᠣᠩᠭᠤᠯ ᠬᠥᠮᠦᠨ 35 ᠲᠦᠮᠡᠨ ᠲᠦᠭᠦᠷᠢᠭ ᠲᠤᠰᠠᠯᠠᠵᠠᠢ᠃ ᠵᠢᠨᠵᠧᠦ᠂ ᠿᠧᠾᠧ ᠵᠢᠴᠢ ᠮᠤᠵᠢ ᠶᠢᠨ ᠭᠠᠳᠠᠨᠠᠬᠢ 4 ᠬᠤᠰᠢᠭᠤ ᠨᠡᠶᠢᠲᠡ 30 ᠲᠦᠮᠡᠨ ᠮᠣᠩᠭᠤᠯ ᠬᠥᠮᠦᠨ15 ᠲᠦᠮᠡᠨ ᠲᠥᠭᠦᠷᠢᠭ ᠲᠤᠰᠠᠯᠠᠵᠠᠢ᠃ ᠸᠠᠩ ᠬᠥᠩ ᠢᠵᠠᠭᠤᠷᠲᠠᠨ ᠵᠢᠴᠢ ᠳᠡᠭᠡᠳᠦ ᠳᠠᠪᠬᠤᠷᠭᠠᠨ ᠤ ᠭᠡᠭᠡᠨ ᠯᠠᠮᠠ ᠵᠡᠷᠭᠡ ᠬᠥᠮᠦᠰ ᠨᠡᠶᠢᠲᠡ 15 ᠲᠦᠮᠡᠨ ᠲᠦᠭᠦᠷᠢᠭ ᠬᠠᠨᠳᠢᠪᠯᠠᠵᠠᠶ᠃ ᠵᠡᠭᠦᠨ ᠮᠣᠩᠭᠤᠯ ᠣᠷᠣᠨ ᠤ ᠠᠯᠪᠠᠨ ᠲᠤᠰᠢᠶᠠᠯᠲᠠᠨ᠂ ᠠᠵᠢᠯᠲᠠᠨ ᠠᠵᠢᠯᠴᠢᠨ ᠪᠣᠯᠤᠨ ᠰᠤᠷᠤᠭᠴᠢᠳ 15 ᠲᠦᠮᠡᠨ ᠲᠥᠭᠦᠷᠢᠭ ᠬᠠᠨᠳᠢᠪᠯᠠᠪᠠ᠃  ᠬᠠᠭᠤᠷᠮᠠᠭ ᠮᠣᠩᠭᠤᠯ ᠤᠨ ᠬᠢᠵᠠᠭᠠᠷ ᠤᠨ ᠵᠠᠰᠠᠭ ᠤᠨ ᠭᠠᠵᠠᠷ ᠤᠨ ᠳᠠᠮᠴᠤᠭᠳᠤᠩᠷᠤᠪ ᠸᠠᠩ ᠰᠤᠩᠵᠢᠨᠸᠠᠩᠴᠤᠭ ᠲᠠᠷᠤᠭ᠎ᠠ ᠶᠢ ᠡᠯᠴᠢ ᠪᠠᠷ ᠲᠣᠮᠢᠯᠠᠨ ᠪᠠᠶᠠᠷ ᠬᠦᠷᠭᠡᠵᠤ᠂ 15 ᠲᠦᠮᠡᠨ ᠲᠥᠭᠦᠷᠢᠭ ᠬᠠᠨᠳᠢᠪᠯᠠᠪᠠ᠃ ᠮᠣᠩᠭᠤᠯ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠪᠯᠡᠯ 15 ᠲᠦᠮᠡᠨ ᠲᠥᠭᠦᠷᠢᠭ ᠬᠠᠨᠳᠢᠪᠯᠠᠪᠠ᠃ ᠨᠡᠶᠢᠲᠡ 100 ᠲᠦᠮᠡᠨ ᠲᠥᠭᠦᠷᠢᠭ ᠤᠨ ᠬᠠᠭᠤᠷᠮᠠᠭ ᠮᠠᠨᠵᠤ ᠵᠣᠭᠤᠰ ᠬᠠᠨᠳᠢᠪᠯᠠᠪᠠ᠃ ᠡᠨᠡ ᠬᠤᠭᠤᠴᠠᠭᠠᠨ ᠳᠤ᠂ ᠪᠡᠯᠡᠳᠬᠡᠯ ᠵᠥᠪᠯᠡᠯ ‍ᠤᠨ‌ᠮᠠᠨᠢᠪᠠᠳᠠᠷᠠ ᠪᠠᠰᠠ ᠮᠣᠩᠭᠤᠯ ᠵᠢᠷᠤᠭᠴᠢᠨ ᠨᠠᠶᠢᠷᠠᠯᠲᠤ ᠵᠡᠷᠭᠡ ᠬᠥᠮᠦᠰ ᠢ ᠳᠠᠭᠠᠭᠤᠯᠤᠨ ᠭᠠᠨᠰᠦ ᠮᠤᠵᠢ ᠶᠢᠨ ᠰᠢᠩ ᠯᠦᠩ ᠱᠠᠨ ᠳᠠᠬᠢ ᠴᠢᠩᠭᠢᠰ ᠬᠠᠭᠠᠨ ᠤ ᠨᠠᠢᠮᠠᠨ ᠴᠠᠭᠠᠨ ᠤᠷᠳᠤ ᠶᠢ ᠲᠣᠭᠤᠷᠢᠨ ᠦᠵᠡᠵᠡᠶ᠃ ᠪᠠᠰᠠ ᠲᠡᠭᠦᠨ ᠤ ᠪᠠᠷᠢᠯᠭ᠎ᠠ ᠶᠢᠨ ᠬᠡᠪ ᠨᠠᠮᠪᠠ ᠶᠢ ᠦᠨᠳᠦᠰᠦᠯᠡᠨ ᠪᠠᠷᠢᠯᠭ᠎ᠠ ᠶᠢᠨ ᠵᠢᠷᠤᠭ ᠲᠥᠯᠥᠪᠯᠡᠭᠡ ᠬᠢᠪᠡ᠃ ᠢᠨᠵᠧᠨᠧᠷᠢᠩ ᠨᠢ 1941 ᠣᠨ ᠤ 5 ᠰᠠᠷ᠎ᠠ ᠶᠢᠨ 5 ᠤ ᠡᠳᠦᠷ ᠡᠬᠢᠯᠡᠨ ᠰᠠᠭᠤᠷᠢ ᠲᠠᠯᠪᠢᠵᠤ᠂ 3 ᠵᠢᠯ ᠭᠠᠷᠤᠢ ᠶᠢᠨ ᠪᠠᠷᠢᠯᠭ᠎ᠠ ᠶᠢᠨ ᠬᠤᠭᠤᠴᠠᠭ᠎ᠠ ᠶᠢ ᠦᠩᠭᠡᠷᠡᠭᠡᠭᠡᠳ ᠡᠴᠦᠰ ᠲᠡᠭᠡᠨ 1944 ᠣᠨ ᠤ 10 ᠰᠠᠷ᠎ᠠ ᠶᠢᠨ 10 ᠤ ᠡᠳᠦᠷ ᠪᠠᠷᠢᠯᠭ᠎ᠠ ᠲᠡᠭᠦᠰᠪᠡ᠃  ᠲᠤᠰ ᠡᠳᠦᠷ ᠲᠤ᠂ ᠸᠠᠩ ᠤᠨ ᠰᠦᠮ᠎ᠡ ᠵᠡᠭᠡᠯᠢ ᠳᠤ ᠲᠦᠮᠡᠨ ᠬᠥᠮᠦᠨ ᠤᠷᠤᠯᠴᠠᠭᠰᠠᠨ ᠪᠠᠷᠢᠯᠭ᠎ᠠ ᠳᠠᠭᠤᠰᠤᠭᠰᠠᠨ ᠪᠠᠶᠠᠷ ᠤᠨ ᠶᠤᠰᠤᠯᠠᠯ ᠶᠠᠪᠤᠭᠤᠯᠵᠠᠶ᠃ ᠶᠡᠭᠡ ᠬᠤᠷᠠᠯ ᠳᠤ ᠮᠤᠵᠢ ᠶᠢᠨ ᠳᠣᠲᠣᠨ᠎ᠠ ᠭᠠᠳᠠᠨᠠᠬᠢ ᠳᠥᠷᠪᠡᠨ ᠬᠤᠰᠢᠭᠤᠨ ᠤ ᠡᠯ᠎ᠡ ᠡᠲᠡᠭᠡᠳ ᠤᠨ ᠬᠥᠮᠦᠰ ᠤᠷᠤᠯᠴᠠᠵᠤ᠂ ᠸᠠᠩ ᠤᠨ ᠰᠦᠮ᠎ᠡ ᠵᠡᠭᠡᠯᠢ ᠶᠢᠨ ᠪᠤᠢ ᠪᠦᠬᠦᠢ ᠪᠠᠶᠢᠭᠤᠯᠭ᠎ᠠ ᠪᠦᠯᠬᠦᠮ ᠰᠤᠷᠭᠠᠭᠤᠯᠢ ᠣᠷᠣᠯᠴᠠᠬᠤ ᠠᠴᠠ ᠭᠠᠳᠠᠨ᠎ᠠ᠂ ᠬᠤᠯᠠ ᠣᠶᠢᠷ᠎ᠠ   ᠶᠢᠨ ᠰᠢᠶᠠᠩ ᠪᠠᠯᠭᠠᠰᠤᠨ ᠤ ᠮᠠᠯᠴᠢᠨ ᠲᠠᠷᠢᠶᠠᠴᠢᠳ ᠬᠦᠷᠦᠯᠴᠡᠨ ᠢᠷᠡᠵᠦ ᠣᠷᠣᠯᠴᠠᠭᠰᠠᠨ ᠪᠠᠶᠢᠳᠠᠭ᠃ ᠶᠡᠭᠡ ᠵᠡᠭᠡᠯᠢ ᠪᠠᠭ᠎ᠠ ᠭᠤᠳᠤᠮᠵᠢ ᠪᠠᠷ ᠬᠥᠮᠦᠨ ᠴᠤᠭᠯᠠᠷᠠᠨ ᠲᠡᠷᠭᠡ ᠵᠦᠷᠢᠯᠳᠦᠨ ᠣᠨᠴᠠᠭᠠᠢ ᠬᠦᠷ ᠨᠠᠷᠭᠢᠶᠠᠨ ᠲᠠᠢ ᠪᠠᠶᠢᠯ᠎ᠠ᠃ ᠶᠡᠭᠡ ᠬᠤᠷᠠᠯ ᠨᠢ ᠪᠠᠰᠠ ᠨᠠᠭᠠᠳᠤᠮ ᠤᠨ ᠬᠤᠷᠠᠯ ᠬᠢᠵᠤ ᠮᠤᠷᠢᠨ ᠤᠷᠤᠯᠳᠤᠬᠤ᠂ ᠪᠥᠭᠡ ᠪᠠᠷᠢᠯᠳᠤᠬᠤ᠂ ᠰᠤᠷ ᠬᠠᠷᠪᠤᠬᠤ ᠪᠠ ᠮᠣᠩᠭᠤᠯ ᠰᠢᠳᠡᠷ᠎ᠠ ᠶᠢᠨ ᠤᠷᠤᠯᠳᠤᠭᠠᠨ ᠶᠠᠪᠤᠭᠳᠠᠭᠤᠯᠵᠠᠢ᠃ ᠪᠠᠰᠠ ᠮᠣᠩᠭᠤᠯ ᠦᠯᠢᠬᠡᠷ ᠶᠠᠷᠢᠬᠤ᠂ ᠮᠣᠩᠭᠤᠯ ᠵᠦᠴᠦᠭᠡ ᠲᠣᠭᠯᠠᠬᠤ᠂ ᠤᠷᠠᠨ ᠰᠠᠶᠢᠬᠠᠨ ᠤ ᠲᠣᠭᠯᠠᠯᠲᠠ ᠵᠡᠷᠭᠡ ᠬᠦᠳᠡᠯᠭᠡᠭᠡᠨ ᠦᠷᠨᠢᠭᠦᠯᠵᠤ ᠭᠤᠷᠪᠠᠨ ᠡᠳᠦᠷ ᠨᠠᠶᠢᠷᠠᠯᠳᠤᠪᠠ᠃    ᠡᠳᠦᠭᠡ ᠴᠢᠩᠭᠢᠰ ᠬᠠᠭᠠᠨ ᠤ ᠰᠦᠮ᠎ᠡ ᠤᠯᠠᠭᠠᠨᠬᠤᠲᠠ ᠶᠢᠨ ᠬᠠᠨ ᠠᠭᠤᠯᠠ ᠶᠢᠨ ᠣᠷᠭᠢᠯ ᠳᠤ ᠰᠦᠨᠳᠦᠷᠯᠡᠵᠤ ᠪᠠᠶᠢᠨ᠎ᠠ᠃ ᠰᠦᠮ᠎ᠡ ᠶᠢᠨ ᠭᠠᠳᠠᠷ ᠳᠦᠷᠰᠦ ᠨᠢ ᠦᠨᠳᠦᠷ ᠰᠦᠷᠯᠢᠭ᠂ ᠦᠨᠳᠦᠰᠦᠲᠡᠨ ᠤ ᠥᠪᠡᠷᠮᠢᠴᠡ ᠬᠡᠪ ᠨᠠᠮᠪᠠ ᠲᠠᠢ᠃ ᠭᠤᠣᠯ ᠬᠠᠷᠰᠢ ᠶᠢᠨ ᠥᠨᠳᠥᠷ ᠨᠢ 28 ᠮᠧᠲᠷ᠂ ᠭᠠᠳᠠᠨ᠎ᠠ ᠲᠠᠯ᠎ᠠ ᠶᠢᠨ ᠪᠥᠭᠡᠷᠡᠩᠬᠡᠶ ᠣᠷᠣᠢ ᠶᠢᠨ ᠭᠤᠣᠯ ᠬᠡᠰᠡᠭ ᠲᠤ ᠨᠢᠭᠡᠨ ᠬᠥᠬᠡ ᠥᠩᠭᠡ ᠶᠢᠨ ᠫᠠᠶᠢᠰᠠ ᠢᠯᠡᠷᠬᠡᠶᠢᠯᠡᠯ ᠡᠯᠭᠦᠵᠦ᠂ ᠮᠣᠩᠭᠤᠯ ᠬᠢᠲᠠᠳ ᠬᠤᠶᠠᠷ ᠦᠰᠦᠭ ᠢᠶᠠᠷ ︽ᠴᠢᠩᠭᠢᠰ ᠬᠠᠭᠠᠨ ᠤ ᠰᠦᠮ᠎ᠡ︾ ᠭᠡᠵᠦ ᠪᠢᠴᠢᠵᠦ ᠪᠠᠶᠢᠨ᠎ᠠ᠃      ᠭᠡᠭᠡᠨ ᠰᠦᠮ᠎ᠡ ᠶᠢᠨ ᠵᠡᠪᠰᠡᠭᠲᠦ ᠪᠣᠰᠣᠯᠭ᠎ᠠ1945 ᠣᠨ ᠤ 8 ᠰᠠᠷ᠎ᠠ ᠶᠢᠨ 9 ᠤ ᠡᠳᠦᠷ᠂ ᠵᠦᠪᠯᠡᠯᠳᠦ ᠬᠤᠯᠪᠣᠭᠠᠲᠤ ᠤᠯᠤᠰ ᠶᠠᠫᠣᠨ ᠲᠠᠢ ᠲᠡᠶᠢᠠ ᠵᠠᠷᠯᠠᠵᠤ᠂ ᠵᠦᠪᠯᠡᠯᠳᠦ ᠬᠤᠯᠪᠣᠭᠠᠲᠤ ᠤᠯᠤᠰ ᠤᠨ ᠵᠠᠭᠤᠨ ᠲᠦᠮᠡᠨ ᠤᠯᠠᠭᠠᠨ ᠴᠡᠷᠢᠭ ᠮᠠᠨ ᠤ ᠤᠯᠤᠰ ᠤᠨ ᠵᠡᠭᠦᠨ ᠬᠤᠶᠢᠲᠤ ᠣᠷᠣᠨ ᠤ ᠶᠠᠫᠣᠨ ᠤ ᠭᠤᠸᠠᠨᠳᠦ᠋ᠩᠵᠢᠶᠦ᠋ᠨ ᠴᠡᠷᠢᠭ ᠤᠨ ᠪᠦᠬᠦ ᠱᠤᠭᠤᠮ ᠵᠦᠭ ᠴᠠᠬᠢᠯᠭᠠᠨ ᠮᠡᠲᠦ ᠲᠦᠷᠭᠡᠨ ᠳᠠᠭᠠᠷᠢᠯᠲᠠ ᠶᠠᠪᠤᠭᠤᠯᠪᠠ᠃8 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠵᠦᠪᠯᠡᠯᠳᠤ ᠶᠢᠨ ᠴᠡᠷᠢᠭ ᠤᠨ ᠳᠡᠯᠪᠡᠴᠢᠬᠦ ᠨᠢᠰᠬᠡᠯ ᠸᠠᠩ ᠤᠨ ᠰᠦᠮ᠎ᠡ ᠶᠢ ᠳᠡᠯᠪᠡᠴᠢᠪᠡ᠃ ᠶᠠᠫᠣᠨ ᠤ ᠬᠢᠩᠭᠠᠨ ᠰᠠᠬᠢᠭᠤᠯᠰᠤᠨ ᠤ ᠬᠤᠷᠢᠶ᠎ᠠ᠂ ᠲᠠᠩᠨᠠᠭᠤᠯ ᠤᠨ ᠪᠠᠶᠢᠭᠤᠯᠭ᠎ᠠ ᠂ ᠫᠤᠤᠲᠤ ᠴᠡᠷᠢᠭ ᠤᠨ ᠬᠤᠷᠢᠶ᠎ᠠ᠂ ᠨᠢᠰᠬᠡᠯ ᠤᠨ ᠪᠠᠭᠤᠳᠠᠯ ᠵᠡᠷᠭᠡ ᠨᠢ ᠳᠡᠯᠪᠡᠴᠢᠯᠲᠡ ᠳᠤ ᠤᠴᠠᠷᠠᠪᠠ᠃ᠸᠠᠩ ᠤᠨ ᠰᠦᠮ᠎ᠡ ᠳᠤ ᠰᠠᠭᠤᠭ᠎ᠠ ᠭᠤᠸᠠᠨ ᠳ᠋ᠦᠩ ᠴᠡᠷᠢᠭ ᠤᠨ ᠳᠠᠷᠤᠭ᠎ᠠ ᠶᠢᠨ ᠰᠤᠷᠭᠠᠭᠤᠯᠢ ᠶᠢᠨ ᠪᠠᠭᠰᠢ ᠰᠤᠷᠤ ᠭᠴᠢᠳ ᠢ ᠵᠧᠩ ᠵᠢᠶᠠ ᠳᠦᠨ᠂ ᠪᠠᠶᠠᠨᠲᠠᠯ᠎ᠠ ᠳᠤ ᠪᠤᠴᠠᠭᠠᠨ ᠵᠥᠪᠯᠡᠯᠲᠦ ᠶᠢᠨ ᠴᠡᠷᠢᠭ ᠤᠨ ᠵᠡᠭᠦᠨᠰᠢ ᠣᠷᠣᠬᠤ ᠶᠢ ᠬᠤᠷᠢᠭᠯᠠ ᠭᠡᠵᠦ ᠵᠠᠷᠯᠢᠭᠳᠠᠵᠠᠶ᠃ 8 ᠰᠠᠷ᠎ᠠ ᠶᠢᠨ 10 ᠤ ᠦᠳᠡ ᠬᠤᠶᠢᠨ᠎ᠠ ᠭᠡᠭᠡᠨ ᠰᠦᠮ᠎ᠡ ᠶᠢᠨ ᠬᠤᠶᠢᠲᠤ ᠠᠭᠤᠯᠠᠨ ᠳᠤ ᠬᠦᠷᠬᠦ ᠣᠶᠢᠶ᠎ᠠ ᠳᠤ᠂ ᠸᠠᠩ ᠬᠠᠶ ᠱᠠᠨ ᠰᠤᠮᠤᠨ ᠳᠠᠷᠤᠭ᠎ᠠ ᠶᠢᠨ ᠵᠠᠷᠯᠢᠭ ᠢᠶᠠᠷ ᠡᠬᠡ ᠣᠷᠣᠨᠴᠢ ᠪᠠᠭᠰᠢ ᠰᠤᠷᠤᠭᠴᠢᠳ ᠭᠠᠷ ᠬᠥᠳᠡᠯᠦᠨ ᠶᠠᠫᠣᠨ ᠤ ᠴᠡᠷᠢᠭ ᠤᠨ ᠳᠠᠷᠤᠭ᠎ᠠ ᠶᠢ ᠠᠯᠠᠵᠠᠶ ︵ᠬᠡᠳᠦᠨ ᠠᠷᠪᠠᠨ ᠴᠡᠷᠢᠭ ᠤᠨ ᠳᠠᠷᠤᠭ᠎ᠠ ᠶᠢ ᠠᠯᠠᠭᠰᠠᠨ ᠮᠠᠲ᠋ᠧᠷᠢᠶᠠᠯ ᠲᠠᠢ︶᠃ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠡᠷᠡᠰ ᠰᠢᠭᠤᠷᠬᠠᠢ ᠪᠠᠷ ᠶᠠᠪᠤᠭᠤᠯᠪᠠ᠂ ᠡᠨᠡ ᠪᠣᠯ ᠳᠠᠷᠤᠢ ᠭᠡᠭᠡᠨ ᠰᠦᠮ᠎ᠡ ᠶᠢᠨ ᠠᠯᠳᠠᠷᠲᠤ ᠵᠡᠪᠰᠡᠭᠲᠦ ᠪᠣᠰᠣᠯᠭ᠎ᠠ ᠪᠣᠯᠤᠨ᠎ᠠ᠃ ᠬᠡᠷᠡᠭ ᠤᠨ ᠳᠠᠷᠠᠭ᠎ᠠ᠂ ᠪᠣᠰᠣᠯᠭ᠎ᠠ ᠶᠢᠨ ᠰᠤᠮᠤᠨ ᠠᠩᠭᠢ ᠤᠮᠠᠷᠠᠰᠢ ᠵᠠᠯᠠᠶᠢᠳ ᠬᠤᠰᠢᠭᠤ ᠣᠷᠴᠢᠮ ᠵᠦᠭ ᠲᠥᠪᠯᠡᠷᠡᠭᠦᠯᠦᠨ ᠴᠡᠭᠴᠡᠯᠡᠨ ᠪᠠᠶᠢᠭᠤᠯᠵᠤ᠂ ᠵᠥᠪᠯᠡᠯᠲᠦ ᠮᠣᠩᠭᠤᠯ ᠤᠨ ᠤᠯᠠᠭᠠᠨ ᠴᠡᠷᠢᠭ ᠢ ᠤᠭᠲᠤᠪᠠ᠃ ᠬᠡᠳᠦᠨ ᠡᠳᠦᠷ ᠤᠨ ᠳᠠᠷᠠᠭ᠎ᠠ ᠰᠤᠮᠤ ᠵᠥᠪᠯᠡᠯᠲᠦ ᠶᠢᠨ ᠲᠠᠩᠺᠲᠤ ᠴᠡᠷᠢᠭ ᠢ ᠤᠭᠲᠤᠵᠠᠶ᠃ ᠸᠠᠩ ᠬᠠᠢ ᠱᠠᠨ ᠵᠠᠮᠴᠢ ᠪᠤᠯᠵᠤ᠂ ᠲᠠᠩᠺ ᠢᠶᠠᠷ ᠡᠮᠦᠨᠡᠰᠢ ᠮᠣᠷᠳᠠᠵᠤ ᠸᠠᠩ ᠤᠨ ᠰᠦᠮ᠎ᠡ ᠵᠡᠭᠡᠯᠢ ᠳᠤ ᠣᠷᠣᠪᠠ᠃ ᠬᠤᠲᠠ ᠣᠷᠣᠭᠰᠠᠨ ᠤ ᠳᠠᠷᠠᠭ᠎ᠠ ᠰᠤᠮᠤᠨ ᠤ ᠬᠡᠰᠡᠭ ᠰᠤᠷᠤᠭᠴᠢᠳ ᠢ ᠢᠨᠵᠧᠨᠧᠷᠢᠩ ᠣᠨ ᠴᠡᠷᠢᠭ ᠠᠩᠭᠢ ᠳᠤ ᠬᠠᠷᠢᠶᠠᠯᠠᠭ ᠤᠯᠵᠤ᠂ ᠵᠥᠪᠯᠡᠯᠲᠦ ᠶᠢᠨ ᠴᠡᠷᠢᠭ ᠲᠠᠢ ᠬᠠᠮᠲᠤ ᠲᠡᠮᠦᠷ ᠵᠠᠮ ᠤᠨ ᠶᠡᠭᠡ ᠬᠥᠭᠦᠷᠭᠡ ᠶᠢ ᠵᠠᠰᠠᠨ ᠰᠡᠯᠪᠢᠵᠦ᠂ ᠬᠡᠰᠡᠭ ᠰᠤᠷᠤᠭ ᠴᠢᠳ ᠢ ᠬᠤᠲᠠ ᠶᠢᠨ ᠨᠡᠶᠢᠭᠡᠮ ᠤᠨ ᠡᠮᠬᠢ ᠵᠢᠷᠤᠮ ᠪᠠ ᠬᠢᠵᠢᠭ ᠢ ᠰᠡᠷᠭᠡᠶᠢᠯᠡᠬᠦ ᠠᠵᠢᠯ ᠳᠤ ᠬᠠᠷᠢᠶᠠᠯᠠᠭᠤᠯᠪᠠ᠃ ᠬᠠᠮᠤᠭ ᠰᠡᠭᠦᠯ ᠳᠤ᠂ ᠸᠠᠩ ᠤᠨ ᠰᠦᠮ᠎ᠡ ᠶᠢᠨ ᠬᠤᠶᠢᠲᠤ ᠶᠡᠭᠡ ᠬᠤᠸᠠᠷᠠᠨ ᠠᠴᠠ 250 ᠬᠥᠮᠦᠨ ᠢ ᠰᠢᠯᠵᠢᠭᠦᠯᠦᠨ ᠭᠠᠷᠭ ᠠᠵᠤ᠂ ᠬᠢᠩᠭᠠᠨ ᠤ ᠳᠤᠮᠳᠠ ᠬᠡᠰᠡᠭ ᠤᠨ ᠭᠠᠵᠠᠷ ᠣᠷᠣᠨ ᠤ ᠠᠷᠠᠳ ᠤᠨ ᠴᠠᠭᠳᠠᠭ᠎ᠠ ᠶᠢᠨ ᠶᠡᠭᠡ ᠠᠩᠭᠢ ᠶᠢ ᠪᠠᠶᠢᠭᠤᠯᠵᠤ᠂ ᠰᠡᠭᠦ ᠯᠡᠷ ᠨᠢ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠳᠠᠷᠠᠭᠠᠯᠠᠯ ᠳᠤ ᠣᠷᠣᠵᠤ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠥᠪᠥᠷ ᠮᠣᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ ᠳᠤ ᠬᠠᠷᠢ ᠶᠠᠯᠠᠭᠳᠠᠵᠠᠢ᠃ ᠪᠣᠰᠣᠯᠭ᠎ᠠ ᠶᠢᠨ ᠰᠤᠮᠤᠨ ᠤ ᠵᠣᠩᠬᠢᠯᠠᠬᠤ ᠤᠯᠠᠨ ᠲᠣᠭᠠᠨ ᠤ ᠨᠥᠬᠦᠳ ᠴᠢᠯᠥᠭᠡᠯᠡᠬᠦ ᠳᠠᠶᠢᠨ ᠳᠤ ᠣᠷᠣᠯᠴᠠᠪᠠ᠃ ᠠᠯᠳᠠᠷᠲᠤ ᠯᠢᠶᠣᠤ ᠱᠦᠨ ᠤ ᠳᠠᠶᠢᠯᠠᠯᠳᠤᠭᠠᠨ ᠳᠤ ᠣᠷᠣᠯᠴᠠᠵᠤ᠂ ᠭᠡᠷᠡᠯ ᠰᠠᠴᠤᠷᠠᠩᠭᠤᠶ ᠠᠮᠵᠢᠯᠲᠠ ᠣᠯᠵᠠᠶ᠃ ᠵᠠᠷᠢᠮ ᠨᠢ ᠠᠷᠤ ᠲᠠᠯ᠎ᠠ ᠳᠤ ᠠᠷᠠᠳᠴᠢᠯᠠᠭᠰᠠᠨ ᠥᠭᠡᠷᠡᠴᠢᠯᠡᠯᠲᠡ ᠳᠤ ᠣᠷᠣᠯᠴᠠᠵᠤ᠂ ᠡᠮᠦᠨ᠎ᠡ ᠹᠷᠣᠨᠲ ᠢ ᠲᠤᠰᠠᠯᠠᠵᠤ᠂ ᠡᠯ᠎ᠡ ᠹᠷᠣᠨᠲ ᠳᠡᠭᠡᠷ᠎ᠡ ᠭᠠᠷᠮᠠᠭᠠᠶ ᠠᠮᠵᠢᠯᠲᠠ ᠣᠯᠤᠭᠰᠠᠨ ᠪᠠᠶᠢᠨ᠎ᠠ᠃    1945 ᠣᠨ ᠤ 8 ᠰᠠᠷ᠎ᠠ ᠶᠢᠨ 21 ᠤ ᠡᠳᠦᠷ᠂ ᠶᠠᠫᠣᠨ ᠤ ᠬᠠᠭᠤᠷᠮᠠᠭ ᠴᠡᠷᠢᠭ ᠪᠤᠳᠠᠷᠠᠨ ᠤᠬᠤᠷᠢᠬᠤ ᠲᠠᠰᠢᠷᠠᠮ ᠳᠤ᠂ ᠲᠡᠳᠡ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠪᠠ ᠬᠤᠣᠷᠠᠲᠤ ᠡᠮ ᠢ ᠸᠠᠩ ᠤᠨ ᠰᠦᠮ᠎ᠡ ᠵᠡᠭᠡᠯᠢ ᠶᠢᠨ ᠲᠢᠶᠧ ᠰᠢ ᠠᠮᠤ ᠪᠤᠳᠠᠭᠠᠨ ᠤ ᠬᠥᠮᠥᠷᠭᠡ ᠳᠤ ᠣᠷᠣᠭᠤᠯᠵᠠᠢ᠃ ᠪᠦᠬᠦ ᠠᠮᠤ ᠪᠤᠳᠠᠭᠠᠨ ᠤ ᠰᠠᠩ ᠳᠣᠲᠣᠷᠠᠬᠢ ᠸᠠᠩ ᠤᠨ ᠰᠦᠮ᠎ᠡ ᠵᠡᠭᠡᠯᠢ ᠳᠡᠭᠡᠷ᠎ᠡ ᠭᠡᠨᠡᠳᠲᠡ ᠬᠤᠯᠤᠭᠠᠨ᠎ᠠ ᠬᠢᠵᠢᠭ ᠳᠡᠯᠭᠡᠷᠡᠬᠦ ᠶᠢᠨ ᠬᠠᠮᠲᠤ ᠤᠯᠠᠭᠠᠨᠬᠠᠳᠠ᠂ ᠡ ᠷᠬᠡᠲᠦ ᠵᠡᠷᠭᠡ 4 ᠨᠤᠳᠤᠭ ᠲᠤ ᠬᠦᠷᠳᠡᠭ᠃ 22 ᠲᠣᠰᠬᠤᠨ᠂ 3000 ᠭᠠᠷᠤᠶ ᠬᠥᠮᠦᠨ ᠠᠳᠡᠵᠡᠶ᠃ ᠵᠦᠪᠯᠡᠯᠳᠦ ᠶᠢᠨ ᠴᠡᠷᠢᠭ ᠤᠨ ᠬᠤᠳᠠ ᠶᠢᠨ ᠬᠠᠮᠠᠭᠠᠯᠠᠯᠲᠠ ᠶᠢᠨ ᠰᠧᠯᠢᠩᠪᠦ᠋ ᠶᠢᠨ ᠪᠦᠬᠦ ᠵᠡᠭᠡᠯᠢ ᠶᠢᠨ ᠴᠢᠩᠭ᠎ᠠ ᠰᠡᠷᠭᠡᠶᠢᠯᠡᠯᠲᠡ ᠶᠠᠪᠤᠭᠤᠯᠵᠤ᠂ ᠬᠤᠯᠤᠭᠠᠨ᠎ᠠ ᠶᠢᠨ ᠬᠢᠵᠢᠭ ᠢ ᠮᠠᠰᠢ ᠲᠦᠷᠭᠡᠨ ᠤᠨᠲᠠᠷᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号