ᠬᠢᠩᠭᠠᠨ ᠠᠶᠢᠮᠠᠭ ᠤᠨ ᠲᠤᠯᠤᠳᠤᠭᠠᠷ ᠬᠤᠭᠤᠴᠠᠭᠠᠨ ᠤ ᠢᠷᠠᠭᠤ ᠨᠠᠶᠢᠷᠠᠭ ᠤᠨ ᠤᠷᠤᠯᠳᠤᠭᠠᠨ ᠤ ᠡᠬᠡ ᠪᠢᠴᠢᠭ ᠡᠯᠰᠡᠬᠦ ᠮᠡᠳᠡᠭᠳᠡᠯ
ᠨᠡᠶᠢᠲᠡᠯᠡᠭᠰᠡᠨ ᠴᠠᠭ᠄
2021/1/26
    2021 ᠤᠨ ᠪᠤᠯ ᠲᠤᠮᠲᠠᠲᠦ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ  ᠶᠢᠨ ᠪᠠᠶᠠᠷ ᠪᠤᠯᠤᠨ᠎ᠠ᠃ ᠡᠨᠡᠬᠦ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠪᠠᠶᠠᠷ ᠢᠶᠠᠨ ᠪᠠᠶᠠᠷᠯᠠᠨ ᠤᠭᠲᠤᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠲᠠᠲᠦ ᠤᠯᠤᠰ ᠤᠨ ᠤᠨᠴᠠᠯᠢᠭᠲᠤ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠨᠠᠠᠶᠢᠳᠠᠪᠤᠷᠢᠵᠢᠭᠤᠯᠤᠨ ᠲᠤᠤᠱᠯᠠᠭᠤᠯᠵᠦ᠂ ᠲᠤᠮᠲᠠᠲᠦ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠳᠠᠶᠢᠴᠢᠯᠠᠨ ᠲᠤᠮᠲᠠᠲᠦ ᠶᠢᠨ ᠦᠨᠳᠦᠰᠦᠲᠡᠨ ᠤ ᠠᠤᠭ᠎ᠠ ᠶᠡᠭᠡ ᠰᠡᠷᠭᠦᠬᠡᠨ ᠮᠠᠨᠳᠤᠯᠲᠠ ᠪᠤᠯᠤᠨ ᠲᠤᠮᠲᠠᠲᠦ ᠶᠢᠨ ᠬᠦᠰᠡᠯ ᠢᠶᠠᠨ ᠪᠡᠶᠡᠯᠡᠬᠦᠯᠬᠦ ᠪᠠᠷ ᠮᠡᠷᠡᠶᠢᠨ ᠴᠢᠷᠮᠠᠶᠢᠭ᠎ᠠ ᠭᠡᠷᠡᠯ ᠰᠠᠴᠤᠷᠤᠩᠭᠤᠢ ᠳᠡᠥᠬᠡ ᠶᠢᠨ ᠶᠠᠪᠤᠴᠠ  ᠶᠢ ᠤᠷᠠᠨ ᠵᠤᠬᠢᠶᠠᠯ ᠤᠨ ᠬᠡᠯᠪᠡᠷᠢ ᠪᠠᠷ ᠪᠢᠴᠢᠭᠯᠡᠨ ᠳᠡᠮᠳᠡᠭᠯᠡᠬᠦ ᠵᠤᠷᠢᠯᠭ᠎ᠠ ᠪᠠᠷ᠂ ᠬᠢᠩᠭᠠᠨ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂  ᠬᠢᠩᠭᠠᠨ ᠠᠶᠢᠮᠠᠭ ᠤᠨ ᠵᠤᠬᠢᠶᠠᠯᠴᠢᠳ ᠤᠨ ᠨᠡᠶᠢᠬᠡᠮᠯᠢᠭ ᠠᠴᠠ ᠬᠠᠮᠲᠤᠷᠠᠨ ︽ᠨᠠᠮ ᠪᠠᠶᠢᠭᠤᠯᠤᠭᠳᠠᠭᠰᠠᠨ ᠵᠠᠭᠤᠨ ᠵᠢᠯ ᠢ ᠬᠠᠮᠲᠤ ᠪᠠᠷ ᠪᠡᠯᠬᠡᠯᠡᠬᠦ︾ ᠬᠢᠩᠭᠠᠨ ᠠᠶᠢᠮᠠᠭ ᠤᠨ ᠲᠤᠯᠤᠳᠤᠭᠠᠷ ᠬᠤᠭᠤᠴᠠᠭᠠᠨ ᠤ ᠢᠷᠠᠭᠤ ᠨᠠᠶᠢᠷᠠᠭ ᠤᠨ ᠤᠷᠤᠯᠳᠤᠭᠠᠨ ᠢ ᠡᠷᠬᠢᠯᠡᠬᠦ ᠪᠠᠷ ᠪᠤᠯᠪᠠ᠃     ᠨᠢᠬᠡ᠂ ᠡᠬᠡ ᠪᠢᠴᠢᠭ ᠡᠯᠰᠡᠬᠦ ᠠᠭᠤᠯᠭ᠎ᠠ᠄ ᠲᠤᠮᠲᠠᠲᠦ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠢ ᠪᠡᠯᠬᠡᠯᠡᠬᠦ ᠠᠭᠤᠯᠭ᠎ᠠ ᠪᠠᠷ ᠭᠤᠤᠯ ᠰᠡᠳᠦᠪᠯᠡᠬᠦᠨ ᠪᠤᠯᠭᠠᠭᠰᠠᠨ ᠲᠤᠮᠲᠠᠲᠦ ᠤᠯᠤᠰ ᠤᠨ ᠡᠪ ᠬᠠᠮᠲᠤ ᠨᠠᠮ ᠤᠨ ᠳᠡᠥᠬᠡᠨ ᠤᠯᠪᠠᠭ᠎ᠠ ᠵᠢᠴᠢ ᠦᠬᠡᠷᠡᠴᠢᠯᠡᠯᠲᠡ ᠨᠡᠬᠡᠬᠡᠯᠲᠡ᠂ ᠰᠢᠨ᠎ᠡ ᠴᠠᠭ ᠦᠶ᠎ᠡ ᠶᠢᠨ ᠠᠤᠭ᠎ᠠ ᠶᠡᠭᠡ ᠦᠢᠯᠡᠳᠦᠯᠬᠡ ᠶᠢᠨ ᠲᠤᠭᠤᠷᠢᠨ ᠳᠤ᠂ ᠬᠢᠩᠭᠠᠨ ᠠᠶᠢᠮᠠᠭ ᠤᠨ ᠴᠡᠴᠡᠭᠯᠡᠨ ᠬᠦᠭᠵᠢᠯᠲᠡ ᠶᠢᠨ ᠳᠡᠥᠬᠡᠨ ᠤᠯᠠ ᠮᠦᠷ᠂ ᠰᠢᠨ᠎ᠡ ᠴᠠᠭ ᠦᠶ᠎ᠡ ᠶᠢᠨ ᠵᠤᠷᠢᠭ ᠰᠠᠨᠠᠭ᠎ᠠ ᠶᠢ ᠲᠤᠰᠬᠠᠭᠰᠠᠨ᠂ ᠨᠠᠮ ᠤᠨ ᠬᠡᠰᠢᠬᠦᠨ ᠤ ᠬᠡᠪ ᠲᠦᠷᠢ ᠶᠢ ᠪᠦᠲᠦᠭᠡᠭᠰᠡᠨ ᠂ ᠨᠠᠮ᠂ ᠡᠬᠡ ᠤᠯᠤᠰ᠂ ᠠᠷᠠᠳ ᠲᠦᠮᠡᠨ ᠢᠶᠠᠨ ᠮᠠᠭᠳᠠᠨ ᠳᠠᠭᠤᠯᠠᠭᠰᠠᠨ ᠠᠭᠤᠯᠭ᠎ᠠ ᠪᠦᠬᠦᠢ ᠭᠤᠤᠯ ᠦᠵᠡᠯ ᠰᠠᠨᠠᠭ᠎ᠠ  ᠶᠢ ᠲᠤᠪᠤᠶᠢᠯᠭᠠᠭᠰᠠᠨ ᠪᠠᠶᠢᠬᠤ ᠬᠡᠷᠡᠭᠲᠡᠢ᠃      ᠬᠤᠶᠠᠷ᠂ ᠡᠬᠡ ᠪᠢᠴᠢᠭ ᠡᠯᠰᠡᠬᠦ ᠬᠦᠷᠢᠶ᠎ᠡ ᠬᠡᠪᠴᠢᠶ᠎ᠡ᠄ ᠬᠢᠩᠭᠠᠨ ᠠᠶᠢᠮᠠᠭ ᠤᠨ ᠤᠷᠠᠨ ᠵᠤᠬᠢᠶᠠᠯᠴᠢ ᠪᠠᠷ ᠬᠢᠵᠠᠭᠠᠷᠯᠠᠨ᠎ᠠ      ᠭᠤᠷᠪᠠ᠂ ᠡᠬᠡ ᠪᠢᠴᠢᠭ ᠡᠯᠰᠡᠬᠦ ᠱᠠᠭᠠᠷᠳᠠᠯᠭ᠎ᠠ᠄ ᠵᠠᠪᠠᠯ ᠰᠢᠨ᠎ᠡ ᠪᠠᠷ ᠵᠤᠬᠢᠶᠠᠨ ᠪᠦᠲᠦᠭᠡᠭᠰᠡᠨ ᠤᠤᠭᠠᠯ ᠪᠦᠲᠦᠭᠡᠯ ᠪᠠᠶᠢᠵᠦ᠂ ᠪᠤᠰᠤᠳ ᠰᠡᠳᠬᠦᠯ᠂ ᠰᠦᠯᠵᠢᠶ᠎ᠡ᠂ ᠰᠤᠨᠢᠨ ᠮᠡᠳᠡᠭᠡ ᠳᠤ ᠨᠡᠶᠢᠳᠡᠯᠡᠬᠦᠯᠵᠦ ᠦᠩᠬᠡᠷᠡᠭᠰᠡᠨ ᠪᠦᠲᠦᠭᠡᠯ ᠢᠶᠠᠷ ᠤᠷᠤᠯᠳᠤᠭᠠᠨ ᠳᠤ ᠤᠷᠤᠯᠴᠠᠵᠦ ᠪᠤᠯᠬᠤ ᠦᠬᠡᠢ᠃ ᠵᠤᠬᠢᠶᠠᠯ ᠤᠨ ᠦᠵᠡᠯ ᠰᠠᠨᠠᠭ᠎ᠠ ᠡᠷᠡᠭᠦᠯ ᠰᠠᠷᠠᠭᠤᠯ᠂ ᠤᠷᠠᠯᠢᠭ ᠤᠨ ᠠᠷᠭ᠎ᠠ ᠪᠠᠷᠢᠯ ᠢᠷᠠᠭᠤ ᠰᠠᠶᠢᠬᠠᠨ᠂ ᠵᠤᠬᠢᠶᠠᠮᠵᠢ ᠨᠠᠶᠢᠷᠠᠭᠤᠯᠭ᠎ᠠ ᠴᠢᠨᠠᠷᠯᠢᠭ ᠴᠢᠩᠭ᠎ᠠ ᠪᠠᠶᠢᠬᠤ ᠬᠡᠷᠡᠭᠲᠡᠢ᠃      ᠲᠦᠷᠪᠡ᠂ ᠡᠬᠡ ᠪᠢᠴᠢᠭ ᠡᠯᠰᠡᠬᠦ ᠴᠠᠭ᠄ 2020 ᠤᠨ ᠤ 11 ᠰᠠᠷ᠎ᠠ ᠠᠴᠠ 2021 ᠤᠨ ᠤ 5 ᠰᠠᠷ᠎ᠠ  ᠶᠢᠨ 31 ᠤ ᠡᠲᠦᠷ ᠢᠶᠠᠷ ᠬᠢᠵᠠᠭᠠᠷᠯᠠᠨ᠎ᠠ᠃      ᠲᠠᠪᠤ᠂ ᠡᠬᠡ ᠪᠢᠴᠢᠭ ᠢᠯᠡᠭᠡᠬᠦ ᠳᠡᠭᠡᠨ ᠳᠠᠭᠠᠯᠲᠠ ᠳᠤ ᠨᠢ ᠤᠷᠤᠯᠳᠤᠭᠠᠨ ᠤ ᠵᠤᠬᠢᠶᠠᠯ ᠬᠡᠮᠡᠨ ᠲᠤᠲᠤᠷᠬᠠᠶᠢᠯᠠᠵᠦ᠂ ᠨᠡᠷ᠎ᠡ ᠬᠠᠶᠠᠭ ᠢᠶᠠᠨ ᠲᠤᠲᠤᠷᠬᠠᠢ ᠪᠢᠴᠢᠵᠦ᠂ ︽ᠠᠯᠳᠠᠨ ᠬᠢᠩᠭᠠᠨ︾ ᠰᠡᠳᠭᠦᠯ ᠤᠨ ᠨᠠᠶᠢᠷᠠᠭᠤᠯᠬᠤ ᠬᠡᠯᠳᠡᠰ ᠲᠤ ᠢᠯᠡᠭᠡᠨ᠎ᠡ᠃      ᠢᠮᠧᠯ᠄ altxakw@163.com       ᠬᠠᠷᠢᠯᠴᠠᠬᠤ ᠤᠳᠠᠰᠦ᠄ 0482 — 8268648                  ᠬᠢᠩᠭᠠᠨ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ                  ᠬᠢᠩᠭᠠᠨ ᠠᠶᠢᠮᠠᠭ ᠤᠨ ᠵᠤᠬᠢᠶᠠᠯᠴᠢᠳ ᠤᠨ ᠨᠡᠶᠢᠭᠡᠮᠯᠢᠭ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号