ᠰᠢᠨ᠎ᠠ ᠡᠬᠢᠯᠡᠯᠲᠡ ᠰᠢᠨ᠎ᠠ ᠬᠠᠷᠠᠯᠲᠠ ᠰᠢᠨ᠎ᠠ ᠴᠢᠷᠮᠠᠶᠢᠯᠭ᠎ᠠ
ᠨᠡᠶᠢᠲᠡᠯᠡᠭᠰᠡᠨ ᠴᠠᠭ᠄
2021/10/11
   ᠪᠦᠬᠦ ᠠᠶᠢᠮᠠᠭ ᠤᠨ ᠲᠤᠮᠳᠠᠲᠦ ᠪᠠᠭ᠎ᠠ ᠰᠤᠷᠭᠠᠭᠤᠯᠢ ᠶᠢᠨ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠲᠤᠬᠠᠢ ᠮᠡᠳᠡᠭᠡᠯᠡᠯ    ᠴᠠᠬ ᠮᠦᠴᠡ ᠦᠡᠭᠭᠡᠷᠡᠨ ᠤᠳᠴᠦ᠂ ᠲᠦᠷᠪᠡᠨ ᠤᠯᠠᠷᠢᠯ ᠡᠭᠡᠯᠵᠢᠯᠡᠭᠰᠡᠭᠡᠷ ᠪᠠᠰᠠ ᠨᠢᠭᠡᠨ ᠰᠢᠨ᠎ᠠ ᠰᠤᠷᠤᠯᠭ᠎ᠠ ᠶᠢᠨ ᠬᠤᠭᠤᠴᠠᠭ᠎ᠠ ᠪᠠᠨ ᠤᠬᠳᠤᠨ ᠠᠪᠴᠦ᠂ ᠰᠤᠷᠭᠠᠭᠤᠯᠢ ᠶᠢᠨ ᠬᠦᠷᠢᠶ᠎ᠠ ᠬᠦᠷ ᠬᠦᠭᠵᠢᠶᠠᠨ ᠢᠶᠠᠷ ᠪᠢᠯᠬᠠᠯ᠎ᠠ᠃ ᠰᠢᠨ᠎ᠠ ᠨᠢᠭᠡ ᠡᠬᠢᠯᠡᠯᠲᠠ ᠶᠢᠨ ᠴᠡᠭ ᠪᠦᠷᠢ ᠳᠤ ᠬᠦᠮᠦᠨ ᠪᠤᠯᠭᠠᠨ ᠨᠢᠭᠡ ᠵᠦᠢᠯ ᠤᠨ ᠬᠦᠰᠡᠯ ᠡᠷᠡᠮᠡᠯᠵᠡᠯ᠂ ᠢᠳᠡᠭᠡᠯ ᠵᠤᠷᠢᠬ᠂ ᠰᠢᠨ᠎ᠠ ᠲᠦᠯᠦᠪᠯᠡᠯᠭᠡ᠂ ᠰᠢᠨ᠎ᠠ ᠬᠢᠳᠡᠯ ᠲᠠᠢ ᠪᠠᠶᠢᠵᠦ᠂ ᠪᠠᠶᠠᠷ ᠪᠠᠶᠠᠰᠦᠯ ᠲᠠᠢ ᠪᠦᠭᠡᠳ ᠢᠳᠡᠭᠡᠯ ᠲᠡᠭᠦᠯᠳᠡᠷ ᠢᠶᠠᠷ ᠰᠢᠨ᠎ᠠ ᠤᠷᠴᠢᠨ ᠳᠤ ᠲᠠᠳᠴᠦ ᠰᠢᠨ᠎ᠠ ᠠᠮᠢᠳᠦᠷᠠᠯ ᠢᠶᠠᠨ ᠡᠬᠢᠯᠡᠭᠦᠯᠳᠡᠭ ᠶᠤᠮ᠃ ᠡᠭᠦᠨ ᠳᠤ ᠮᠠᠨ ᠤ ᠠᠶᠢᠮᠠᠭ ᠤᠨ ᠡᠯ᠎ᠠ ᠳᠤᠮᠳᠠᠲᠦ ᠪᠠᠭ᠎ᠠ ᠰᠤᠷᠭᠠᠭᠤᠯᠢ ᠪᠠᠰᠠ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠪᠡᠯᠡᠳᠭᠡᠯ ᠠᠵᠢᠯ ᠢᠶᠠᠨ ᠰᠠᠶᠢᠳᠦᠷ ᠬᠢᠵᠦ ᠡᠯᠪᠡᠭ ᠠᠭᠤᠯᠭ᠎ᠠ ᠪᠦᠬᠦᠢ ᠬᠡᠯᠪᠡᠷᠢ ᠪᠠᠶᠢᠳᠠᠯ ᠢᠶᠠᠷ ᠰᠢᠨ᠎ᠠ ᠰᠤᠷᠤᠬᠴᠢᠳ ᠢᠶᠠᠨ ᠤᠬᠳᠤᠨ ᠠᠪᠴᠦ᠂ ᠰᠢᠨ᠎ᠠ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠭᠦᠯᠦᠭᠰᠡᠨ ᠪᠠᠶᠢᠨ᠎ᠠ᠃ ᠲᠤᠰ ᠨᠢᠭᠤᠷ ᠢᠶᠠᠷ ᠳᠠᠮᠵᠢᠨ᠂ ᠡᠯ᠎ᠠ ᠰᠤᠷᠭᠠᠭᠤᠯᠢ ᠶᠢᠨ ᠰᠢᠨ᠎ᠠ ᠪᠠᠶᠢᠳᠠᠯ ᠢ ᠮᠡᠳᠡᠭᠡᠯᠡᠬᠦ ᠪᠠᠷ ᠪᠤᠯᠤᠬᠰᠠᠨ ᠶᠤᠮ᠂ ᠤᠡᠭᠰᠢᠬᠴᠢ ᠲᠠ ᠪᠦᠬᠦᠨ ᠲᠠᠭᠠᠰᠢᠶᠠᠨ ᠰᠤᠨᠢᠷᠬᠠᠬᠤ ᠪᠤᠯᠪᠠᠤ⁈    ᠡᠮᠤᠨᠡᠲᠦ ᠬᠤᠰᠢᠭᠤᠨ ᠤ ᠨᠢᠭᠡᠳᠦᠭᠡᠷ ᠳᠤᠮᠳᠠᠲᠦ ᠰᠤᠷᠭᠠᠭᠤᠯᠢ᠄   ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠰᠤᠷᠭᠠᠭᠤᠯᠢ ᠡᠬᠢᠯᠡᠬᠦ ᠳᠤ ᠨᠡᠷ᠎ᠡ ᠮᠡᠳᠡᠭᠦᠯᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 20 ᠤ ᠡᠳᠦᠷ ᠰᠤᠷᠭᠠᠭᠤᠯᠢ ᠡᠬᠢᠯᠡᠬᠦ ᠠᠴᠠ ᠡᠮᠦᠨᠡᠬᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠤᠷᠭᠠᠭᠤᠯᠢ ᠡᠬᠢᠯᠡᠬᠦ ᠳᠤ ᠰᠢᠨ᠎ᠡ ᠰᠣᠷᠣᠭᠴᠢ ᠶᠢ ᠤᠭᠲᠤᠬᠤ ᠠᠵᠢᠯ ᠤᠨ ᠬᠤᠪᠢᠶᠠᠷᠢᠯᠠᠯ ᠢ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠪᠠ᠃ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠᠬᠢ ᠨᠠᠷᠢᠨ ᠵᠦᠢᠯᠡᠰ ᠢ ᠲᠠᠶᠢᠯᠪᠤᠷᠢᠯᠠᠨ ᠲᠣᠳᠣᠷᠬᠠᠶᠢᠯᠠᠭᠰᠠᠨ ᠪᠥᠭᠡᠳ ᠰᠤᠷᠤᠭᠴᠢ ᠪᠣᠯᠤᠨ ᠭᠡᠷ ᠤᠨ ᠠᠬᠠᠮᠠᠳ ᠤᠨ ᠠᠮᠢ ᠨᠠᠰᠤ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠵᠠᠶ᠃    ᠠᠯᠲᠠᠨ ᠰᠢᠷᠭᠠᠯ ᠨᠠᠮᠤᠷ ᠤᠨ ᠦᠵᠡᠮᠵᠢ ᠬᠥᠮᠦᠨ ᠤ ᠰᠡᠳᠬᠢᠯ ᠢ ᠪᠠᠶᠠᠰᠬᠠᠵᠤ᠂ ᠨᠠᠢᠮᠠᠨ ᠰᠠᠷ᠎ᠠ ᠶᠢᠨ ᠰᠤᠷᠭᠠᠭᠤᠯᠢ ᠶᠢᠨ ᠬᠦᠷᠢᠶ᠎ᠠ ᠬᠦᠷ ᠬᠦᠭᠵᠢᠶᠠᠨ ᠢᠶᠠᠷ ᠪᠢᠯᠬᠠᠨ᠎ᠠ᠃ 8 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠨᠢᠭᠡᠳᠦᠭᠡᠷ᠂ ᠬᠤᠶᠠᠳᠤᠭᠠᠷ ᠣᠨ ᠤ ᠰᠤᠷᠤᠬᠴᠢᠳ ᠨᠡᠷ᠎ᠠ ᠮᠡᠳᠡᠭᠦᠯᠵᠦ ᠰᠢᠨ᠎ᠠ ᠰᠤᠷᠤᠯᠭ᠎ᠠ ᠶᠢᠨ ᠠᠶᠠᠨ ᠢᠶᠠᠨ ᠡᠬᠢᠯᠡᠭᠦᠯᠵᠠᠢ᠃ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠤᠯᠤᠰ ᠲᠥᠷᠥ ᠬᠦᠮᠤᠵᠢᠯ ᠤᠨ ᠭᠠᠵᠠᠷ ᠵᠢᠴᠢ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠠᠩᠭᠢ ᠶᠢᠨ ᠡᠷᠬᠢᠯᠡᠭᠴᠢ ᠪᠣᠯᠤᠨ ᠬᠢᠴᠢᠶᠡᠯ ᠵᠢᠭᠠᠬᠤ ᠪᠠᠭᠰᠢ ᠨᠠᠷ ᠬᠠᠮᠲᠤ ᠪᠠᠷ ᠰᠤᠷᠭᠠᠭᠤᠯᠢ ᠶᠢᠨ ᠡᠭᠦᠳᠡᠨ ᠳᠤ ᠰᠢᠨ᠎ᠡ ᠰᠤᠷᠤᠭᠴᠢᠳ ᠤᠨ ᠬᠦᠷᠴᠦ ᠢᠷᠡᠬᠦ ᠶᠢ ᠬᠠᠯᠠᠭᠤᠨ ᠢᠶᠠᠷ ᠤᠬᠳᠤᠵᠠᠢ᠃    ᠰᠤᠷᠤᠬᠴᠢᠳ ᠨᠡᠷ᠎ᠠ ᠮᠡᠳᠡᠭᠦᠯᠬᠦ ᠳᠤ᠂ ᠰᠤᠷᠭᠠᠭᠤᠯᠢ ᠶᠢᠨ ᠭᠠᠳᠠᠨᠠᠬᠢ 200 ᠮᠧᠳ᠋ᠷ ᠤᠨ ᠭᠠᠵᠠᠷ ᠲᠤ ᠪᠠᠶᠢᠴᠠᠭᠠᠨ ᠰᠢᠯᠭᠠᠬᠤ ᠠᠵᠢᠯ ᠤᠨ ᠪᠠᠶᠢᠷᠢ ᠭᠠᠷᠭᠠᠵᠤ᠂ ᠤᠯᠤᠰ ᠲᠥᠷᠥ ᠬᠦᠮᠤᠵᠢᠯ ᠤᠨ ᠭᠠᠵᠠᠷ ᠤᠨ ᠡᠷᠬᠢᠯᠡᠭᠴᠢ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠬᠢᠴᠢᠶᠡᠯ ᠤᠨ ᠪᠠᠭᠰᠢ ᠶᠢ ᠳᠠᠭᠠᠭᠤᠯᠤᠨ ᠬᠡᠷ ᠤᠨ ᠠᠬᠠᠮᠠᠳ ᠪᠣᠯᠤᠨ ᠰᠣᠷᠣᠭᠴᠢ ᠶᠢᠨ ᠡᠷᠡᠭᠦᠯ ᠮᠡᠨᠳᠦ ᠶᠢᠨ ᠨᠣᠮᠧᠷ ᠤᠨ ᠮᠡᠳᠡᠭᠡ ᠵᠠᠩᠭᠢ ᠶᠢ ᠪᠠᠶᠢᠴᠠᠭᠠᠵᠤ᠂ ᠰᠤᠷᠭᠠᠭᠤᠯᠢ ᠶᠢᠨ ᠡᠮᠴᠢ ᠰᠤᠷᠭᠠᠭᠤᠯᠢ ᠶᠢᠨ ᠡᠭᠦᠳᠡᠨ ᠳᠤ ᠰᠣᠷᠣᠭᠴᠢ ᠨᠢᠭᠡ ᠪᠦᠷᠢ ᠶᠢ ᠠᠷᠢᠭᠤᠳᠬᠠᠵᠤ᠂ ᠠᠮᠤᠷ ᠢ ᠬᠠᠮᠠᠭᠠᠯᠠᠭᠴᠢ ᠠᠴᠠ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠵᠦ᠂ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠠᠩᠬᠢ ᠶᠢᠨ ᠡᠷᠬᠢᠯᠡᠭᠴᠢ ᠪᠠᠭᠰᠢ ᠶᠢᠨ ᠭᠠᠵᠠᠷ ᠲᠤ ᠳᠠᠩᠰᠠᠯᠠᠭᠤᠯᠵᠠᠢ᠃ ᠰᠣᠷᠣᠭᠴᠢ ᠪᠣᠯᠤᠨ ᠬᠡᠷ ᠤᠨ ᠠᠬᠠᠮᠠᠳ ᠲᠤ ᠲᠥᠬᠦᠮ ᠦᠵᠡᠭᠦᠯᠬᠦ ᠶᠢᠨ ᠲᠥᠯᠥᠭᠡ᠂ ᠲᠤᠰ ᠰᠤᠷᠭᠠᠭᠤᠯᠢ ᠨᠢᠭᠡ ᠯᠡ ᠥᠷᠲᠡᠭᠡᠨ ᠤ ᠮᠠᠶ᠋ᠢᠭ ᠤᠨ ᠭᠠᠵᠠᠷ ᠭᠠᠷᠭᠠᠵᠤ᠂ ᠨᠡᠷ᠎ᠡ ᠮᠡᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠡᠮᠬᠢ ᠵᠠᠮᠪᠠᠷᠠᠭ᠎ᠠ ᠲᠠᠢ ᠪᠠᠷ ᠰᠤᠷᠤᠬᠴᠢ ᠪᠠᠨ ᠲᠤᠰᠬᠤ ᠠᠵᠢᠯ ᠢᠶᠠᠨ ᠠᠮᠵᠢᠯᠲᠠ ᠲᠠᠢ ᠪᠡᠶᠡᠯᠡᠭᠦᠯᠵᠦ᠂ ᠢᠳᠡᠭᠡᠯ ᠲᠡᠭᠦᠯᠳᠡᠷ ᠢᠶᠠᠷ ᠰᠢᠨ᠎ᠠ ᠰᠤᠷᠤᠯᠭ᠎ᠠ ᠶᠢᠨ ᠠᠶᠠᠨ ᠢᠶᠠᠨ ᠡᠬᠢᠯᠡᠭᠦᠯᠦᠭᠰᠡᠨ ᠪᠠᠶᠢᠨ᠎ᠠ᠃    ᠰᠢᠨ᠎ᠠ ᠰᠤᠷᠤᠯᠭ᠎ᠠ ᠶᠢᠨ ᠬᠤᠭᠤᠴᠠᠭ᠎ᠠ᠂ ᠰᠢᠨ᠎ᠠ ᠰᠤᠷᠤᠯᠭ᠎ᠠ ᠶᠢᠨ ᠠᠶᠠᠨ᠂ ᠰᠢᠨ᠎ᠠ ᠵᠢᠳᠭᠦᠯ ᠴᠢᠷᠮᠠᠶᠢᠯᠭ᠎ᠠ᠃ ᠡᠨᠡ ᠬᠦ ᠰᠠᠶᠢᠬᠠᠨ ᠴᠠᠬ ᠮᠦᠴᠡ ᠳᠤ ᠡᠮᠤᠨᠡᠲᠦ ᠬᠤᠰᠢᠭᠤᠨ ᠤ ᠨᠢᠭᠡᠳᠦᠭᠡᠷ ᠳᠤᠮᠳᠠᠲᠦ ᠰᠤᠷᠭᠠᠭᠤᠯᠢ ᠦᠡᠭᠭᠡᠷᠡᠭᠰᠡᠨ ᠤ ᠪᠠᠨ ᠠᠮᠵᠢᠯᠲᠠ ᠶᠢᠨ ᠰᠠᠭᠤᠷᠢᠨ ᠳᠡᠭᠡᠷ᠎ᠠ ᠰᠢᠯᠢᠳᠡᠭ ᠴᠢᠳᠠᠪᠦᠷᠢᠲᠠᠨ ᠬᠦᠮᠦᠵᠢᠬᠦᠯᠬᠦ ᠪᠠᠷ ᠭᠠᠪᠰᠢᠭᠠᠢᠢᠯᠡᠨ᠂ ᠵᠢᠭᠠᠨ ᠰᠤᠷᠭᠠᠯᠲᠠ ᠶᠢᠨ ᠶᠠᠰᠦ ᠴᠢᠨᠠᠷ ᠢᠶᠠᠨ ᠤᠯᠠᠮ ᠢᠯᠡᠭᠦᠦ ᠰᠢᠯᠢᠳᠡᠭᠵᠢᠭᠦᠯᠵᠦ᠂ ᠰᠢᠨ᠎ᠠ ᠶᠢ ᠡᠭᠦᠳᠴᠦ ᠤᠷᠤᠬᠰᠢᠯᠠᠠ ᠲᠠᠪᠰᠢᠬᠤ ᠢᠳᠡᠭᠡᠯ ᠲᠡᠭᠦᠯᠳᠡᠷ ᠪᠠᠶᠢᠨᠠᠮ᠃ ︵ᠯᠢᠶᠠᠨ ᠪᠤᠤ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号