ᠰᠦᠨ ᠱᠦ ᠲᠤᠤ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/15
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠡᠯ᠎ᠡ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠠᠩ ᠯᠸᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠰᠢᠤᠢ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠡᠷ᠎ᠡ ᠳᠤᠷᠠᠳᠤᠭᠰᠠᠨ ᠳᠡᠳ᠋ ᠡᠷᠬᠢᠯᠡᠭᠴᠢ ᠶᠢᠨ ᠵᠢᠱᠢᠭᠳᠡᠭᠴᠢ ᠴᠧᠨ ᠬᠠᠶ ᠴᠢᠩ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠯᠢ ᠬᠠᠶ ᠪᠥᠸᠧ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠰᠦᠨ ᠱᠦ ᠲᠤᠤ ᠨᠠᠷ ᠤᠷᠢᠳ ᠬᠤᠵᠢᠳ ᠴᠠᠷᠠᠰᠤᠨ ᠪᠠᠯᠭᠠᠰᠤᠨ ᠤ ᠪᠠᠭ᠎ᠠ ᠪᠠᠶᠠᠨ ᠭᠠᠴᠠᠭᠠᠨ ᠳᠤ ᠬᠦᠷᠴᠦ᠂ ᠳᠡᠪᠰᠡᠭ ᠪᠠᠯᠭᠠᠰᠤᠨ ᠤ ᠲᠠᠢ ᠫᠢᠩ ᠱᠠᠨ ᠭᠠᠴᠠᠭᠠᠨ ᠤ ᠲᠡᠵᠢᠭᠡᠨ ᠦᠷᠡᠵᠢᠭᠦᠯᠬᠦ ᠲᠠᠯᠠᠪᠠᠶ᠂ ᠾᠧ ᠲᠠᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ᠂ ᠮᠧᠩ ᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡ᠂ ᠬᠠᠷ᠎ᠠ ᠢᠮᠠᠭᠠᠲᠤ  ᠠᠭᠤᠯᠠᠨ ᠤ ᠦᠵᠡᠮᠵᠢ ᠶᠢᠨ ᠣᠷᠣᠨ᠂ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠬᠠᠶᠢᠯᠠᠰᠤᠲᠠᠶ ᠭᠤᠤ ᠶᠢᠨ ᠠᠷᠠᠳ ᠤᠨ ᠣᠷᠣᠨ ᠰᠠᠭᠤᠴᠠ ᠶᠢᠨ ᠠᠮᠠᠷᠠᠯᠲᠠ ᠶᠢᠨ ᠲᠣᠰᠬᠤᠨ᠂ ᠤᠯᠠᠭᠠᠨᠮᠤᠲᠤ ᠶᠢᠨ ᠠᠯᠳᠠᠨ ᠡᠮᠡᠭᠡᠯᠲᠦ ᠦᠵᠡᠮᠵᠢ ᠶᠢᠨ ᠣᠷᠣᠨ᠂ ᠣᠳᠣ ᠦᠶ᠎ᠡ ᠶᠢᠨ ᠮᠠᠯᠴᠢᠳ ᠤᠨ ᠨᠡᠭᠦᠳᠡᠯ ᠮᠠᠯᠵᠢᠯ ᠤᠨ ᠰᠠᠭᠤᠷᠢᠰᠢᠯ ᠤᠨ ᠵᠢᠱᠢᠶ᠎ᠡ ᠦᠵᠡᠭᠦᠯᠬᠦ ᠢᠨᠵᠧᠨᠧᠷᠢᠩ᠂  ᠬᠤᠯᠪᠤᠭ᠎ᠠ ᠶᠢᠨ ᠵᠤᠭᠠᠴᠠᠯ ᠠᠮᠠᠷᠠᠯᠲᠠ ᠶᠢᠨ ᠥᠷᠲᠡᠭᠡ᠂ ᠠᠯᠳᠠᠷ ᠤᠨ ᠲᠢᠶᠠᠨ ᠰᠢᠩ ᠶᠤᠸᠠᠨ ᠲᠥᠮᠥᠰᠥ ᠶᠢ ᠨᠠᠷᠢᠯᠢᠭ ᠪᠣᠯᠪᠠᠰᠤᠷᠠᠭᠤᠯᠬᠤ ᠰᠠᠭᠤᠷᠢᠨ ᠭᠠᠵᠠᠷ᠂ ᠲᠤᠬᠤᠮ ᠤᠨ ᠬᠥᠬᠡ ᠲᠤᠯᠪᠤᠲᠠᠨ ᠠᠶᠢᠷᠠᠭ ᠰᠦ ᠶᠢᠨ ᠠᠵᠤ ᠦᠢᠯᠡᠰ ᠤᠨ ᠰᠠᠭᠤᠷᠢᠨ ᠭᠠᠵᠠᠷ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠵᠦᠢᠯᠡᠰ᠂ ᠲᠡᠵᠢᠭᠡᠨ ᠦᠷᠡᠵᠢᠭᠦᠯᠬᠦ ᠲᠤᠰᠬᠠᠶ  ᠬᠤᠷᠰᠢᠶ᠎ᠠ᠂ ᠦᠢᠯᠡᠳᠪᠦᠷᠢᠯᠡᠵᠦ ᠡᠳ᠋ᠰᠢᠭᠦᠯᠬᠦ ᠪᠦᠳᠦᠭᠡᠨ ᠪᠠᠶᠢᠭᠤᠯᠤᠯᠲᠠ᠂ ᠪᠦᠬᠦ ᠣᠷᠣᠨ ᠪᠦᠰᠡ ᠶᠢᠨ ᠵᠤᠭᠠᠴᠠᠯ ᠵᠡᠷᠭᠡ ᠭᠤᠣᠯᠳᠠᠯᠭ᠎ᠠ ᠲᠠᠢ ᠵᠦᠢᠯᠡᠰ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠬᠦᠷᠦᠭᠰᠡᠨ ᠭᠠᠵᠠᠷ ᠪᠣᠯᠭᠠᠨ ᠳᠤ᠂ ᠰᠦᠨ ᠱᠦ ᠲᠤᠤ ᠬᠠᠮᠢᠶ᠎ᠠ ᠪᠦᠬᠦᠢ ᠬᠠᠷᠢᠭᠤᠴᠠᠯᠭᠠᠲᠠᠳ ᠲᠠᠢ ᠰᠠᠨᠠᠯ ᠢᠶᠠᠨ ᠨᠠᠷᠢᠨ ᠬᠢᠨᠠᠮᠠᠭᠠᠢ ᠰᠣᠯᠢᠯᠴᠠᠵᠤ᠂ ᠦᠢᠯᠡᠳᠪᠦᠷᠢᠯᠡᠯ ᠤᠨ ᠲᠠᠰᠤᠭ᠂ ᠰᠠᠩ ᠬᠥᠮᠥᠷᠭᠡ᠂ ᠬᠤᠨᠢᠨ ᠬᠠᠰᠢᠶ᠎ᠠ᠂ ᠪᠠᠷᠢᠯᠭ᠎ᠠ ᠶᠢᠨ ᠭᠠᠵᠠᠷ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠤᠢᠢᠯᠠᠭᠠᠭᠰᠠᠨ ᠪᠥᠭᠡᠳ ᠠᠵᠤ ᠠᠬᠤᠶᠢᠯᠠᠯ ᠤᠨ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠰᠠᠨᠠᠭᠤᠯᠭ᠎ᠠ ᠪᠠ ᠰᠠᠨᠠᠯ ᠳᠤᠷᠠᠳᠴᠠᠢ᠃    ᠰᠦᠨ ᠱᠦ ᠲᠤᠤ ᠵᠢᠭᠠᠵᠤ ᠭᠠᠷᠭᠠᠭᠰᠠᠨ ᠨᠢ᠂ ᠠᠵᠤ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠨᠢ ᠬᠥᠮᠦᠨ ᠳᠤ ᠪᠣᠶ᠂ ᠮᠠᠨ ᠤ ᠬᠤᠰᠢᠭᠤᠨ ᠤ ᠥᠪᠡᠷᠮᠢᠴᠡ ᠭᠠᠵᠠᠷ ᠵᠦᠶ ᠶᠢᠨ ᠳᠠᠪᠠᠭᠤᠯᠢᠭ ᠢ ᠰᠠᠶᠢᠲᠤᠷ ᠠᠰᠢᠭᠯᠠᠵᠤ᠂ ᠢᠳᠡᠪᠬᠢᠲᠡᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠥᠷᠭᠡᠨ ᠣᠯᠠᠨ ᠲᠦᠮᠡᠨ ᠬᠠᠮᠲᠤ ᠪᠠᠷ ᠣᠷᠣᠯᠴᠠᠵᠤ᠂ ᠬᠠᠮᠲᠤ ᠪᠠᠷ ᠪᠠᠶᠠᠵᠢᠬᠤ ᠰᠠᠶᠢᠨ ᠰᠠᠶᠢᠬᠠᠨ ᠪᠠᠶᠢᠷᠢᠰᠢᠯ ᠢ ᠪᠠᠶᠢᠭᠤᠯᠬᠤ ᠨᠢ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠪᠣᠳᠠᠰ ᠤᠨ ᠠᠮᠢᠳᠤᠷᠠᠯ ᠪᠠ ᠣᠶᠤᠨ ᠤ ᠠᠮᠢᠳᠤᠷᠠᠯ ᠤᠨ ᠪᠠᠶᠢᠳᠠᠯ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠬᠡᠵᠡᠢ᠃    ᠰᠦᠨ ᠱᠦ ᠲᠤᠤ ᠴᠢᠬᠤᠯᠠᠴᠢᠯᠠᠭᠰᠠᠨ ᠨᠢ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠳᠤ ᠴᠢᠭᠯᠡᠭᠦᠯᠦᠨ᠂ ᠠᠵᠤ ᠦᠢᠯᠡᠰ ᠤᠨ ᠳᠠᠪᠠᠭᠤᠯᠢᠭ ᠢᠶᠠᠨ ᠠᠰᠢᠭᠯᠠᠨ᠂ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠵᠦ᠂ ᠬᠤᠷᠰᠢᠶ᠎ᠠ ᠪᠠᠷ ᠭᠠᠷᠳᠠᠴᠠ ᠪᠣᠯᠭᠠᠨ ᠪᠥᠬᠦ ᠲᠣᠰᠬᠤᠨ ᠤ ᠪᠦᠬᠦᠯᠢ ᠴᠣᠭᠴᠠ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠶ᠃ ᠲᠤᠰᠬᠠᠶ ᠮᠡᠷᠭᠡᠵᠢᠯ ᠤᠨ ᠴᠢᠳᠠᠪᠤᠷᠢᠲᠠᠨ ᠢᠶᠠᠷ ᠲᠤᠰᠬᠠᠶ ᠮᠡᠷᠭᠡᠵᠢᠯ ᠤᠨ ᠦᠢᠯᠡᠳᠪᠦᠷᠢᠯᠡᠯ ᠬᠢᠯᠭᠡᠬᠦ ᠶᠢᠨ ᠬᠠᠮᠲᠤ ᠪᠦᠬᠦ ᠭᠠᠴᠠᠭᠠᠨ ᠤ ᠠᠷᠠᠳ ᠢ ᠳᠠᠶᠢᠴᠢᠯᠠᠨ ᠬᠠᠮᠲᠤ ᠪᠠᠷ ᠰᠤᠷᠤᠯᠴᠠᠭᠤᠯᠵᠤ᠂ ᠡᠴᠦᠰ ᠲᠡᠭᠡᠨ ᠬᠠᠮᠲᠤ ᠪᠠᠷ ᠪᠠᠶᠠᠵᠢᠬᠤ ᠵᠣᠷᠢᠯᠭ᠎ᠠ ᠶᠢ ᠪᠡᠶᠡᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠣᠶᠢᠯᠠᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ ᠦᠢᠯᠡᠳᠪᠦᠷᠢᠯᠡᠯ ᠳᠤ ᠣᠷᠣᠭᠤᠯᠵᠤ᠂ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃ ᠡᠳ᠋ᠰᠢᠭᠦᠯᠬᠦ ᠠᠵᠤ ᠦᠢᠯᠡᠰ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠬᠤ ᠳᠤ ᠴᠢᠭᠯᠡᠭᠦᠯᠦᠨ᠂ ᠢᠳᠡᠪᠬᠢᠲᠡᠶ ᠪᠠᠷ ᠰᠢᠨ᠎ᠡ ᠶᠢ ᠡᠭᠦᠳᠴᠦ᠂ ᠰᠢᠨ᠎ᠡ ᠣᠶᠢᠯᠠᠭᠠᠭᠳᠠᠬᠤᠨ ᠰᠢᠨ᠎ᠡ ᠠᠷᠭ᠎ᠠ ᠪᠠᠷ ᠦᠢᠯᠡᠳᠪᠦᠷᠢᠯᠡᠯ ᠢ ᠵᠢᠯᠣᠭᠤᠳᠴᠤ᠂ ᠤᠨᠴᠠᠯᠢᠬᠳᠤ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠬᠡᠷᠡᠭᠲᠡᠶ᠃ ᠰᠠᠭᠤᠷᠢ ᠶᠢ ᠪᠠᠬᠢᠵᠢᠭᠦᠯᠵᠦ᠂ ᠨᠢᠭᠡᠨᠲᠡ ᠪᠠᠶᠢᠭ᠎ᠠ ᠠᠵᠤ ᠦᠢᠯᠡᠰ ᠢ ᠯᠠᠪᠳᠠᠭᠤᠨ ᠪᠠᠲᠤᠲᠠᠢ ᠬᠢᠵᠦ᠂ ᠭᠠᠷᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠣᠷᠣᠯᠠᠭᠤᠯᠭ᠎ᠠ ᠶᠢᠨ ᠵᠠᠮ ᠢ ᠰᠠᠭᠠᠳ ᠥᠬᠡᠶ ᠨᠡᠪᠲᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠯᠠᠨ ᠵᠤᠶᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠪᠣᠷᠣᠯᠠᠭᠤᠯᠭ᠎ᠠ ᠶᠢᠨ ᠵᠠᠮ ᠢ ᠨᠡᠭᠡᠭᠡᠵᠦ᠂ ᠡᠮᠦᠨᠡᠲᠦ ᠬᠤᠰᠢᠭᠤᠨ ᠤ ᠨᠠᠷᠠᠲᠤ ᠲᠡᠮᠳᠡᠭᠲᠦ ᠶᠢ ᠦᠨᠡᠨᠬᠦ ᠲᠣᠮᠣ ᠬᠤᠲᠠ᠂ ᠲᠣᠮᠣ ᠵᠠᠬ᠎ᠠ ᠳᠡᠯᠭᠡᠭᠦᠷ᠂ ᠲᠣᠮᠣ ᠲᠠᠪᠴᠠᠩ ᠳᠤ ᠣᠷᠣᠭᠤᠯᠬᠤ ᠬᠡᠷᠡᠭᠲᠡᠶ᠃ ᠠᠶᠤᠯᠭᠦᠶ ᠪᠠᠶᠢᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠯ᠎ᠡ ᠪᠠᠷᠢᠯᠭ᠎ᠠ ᠶᠢᠨ ᠨᠢᠭᠡᠴᠡ ᠨᠦᠭᠦᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠦᠬᠦ ᠣᠷᠣᠨ ᠪᠦᠰᠡ ᠶᠢᠨ ᠵᠤᠭᠠᠴᠠᠯ ᠤᠨ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠴᠢᠭᠯᠡᠭᠦᠯᠦᠨ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ ᠨᠡᠩ ᠤᠯᠠᠨ ᠵᠤᠭᠠᠴᠠᠭᠰᠠᠳ ᠢ ᠲᠠᠲᠠᠬᠤ ᠬᠡᠷᠡᠭᠲᠡᠢ᠃ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠤᠯᠳᠠᠯᠭ᠎ᠠ ᠲᠠᠢ ᠲᠥᠷᠥᠯ ᠵᠤᠶᠢᠯ ᠢ ᠪᠣᠶ ᠪᠣᠯᠭᠠᠵᠤ᠂ ᠤᠨᠴᠠᠯᠢᠬᠳᠤ ᠵᠤᠭᠠᠴᠠᠯ ᠤᠨ ᠨᠠᠷᠠᠲᠤ ᠲᠥᠷᠥᠯ ᠲᠡᠮᠳᠡᠭᠲᠦ ᠶᠢᠨ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠤᠭᠠᠴᠠᠯ ᠤᠨ ᠦᠢᠯᠡᠰ ᠤᠨ ᠠᠷᠤ ᠳᠠᠬᠢ ᠤᠨᠴᠠᠯᠢᠬᠳᠤ ᠰᠣᠶᠣᠯ ᠢ ᠭᠦᠨᠵᠡᠭᠡᠢ ᠠᠭᠤᠳᠠᠯᠵᠤ᠂ ᠰᠣᠶᠣᠯ ᠵᠤᠭᠠᠴᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ᠂ ᠰᠣᠶᠣᠯ ᠵᠤᠭᠠᠴᠠᠯ ᠤᠨ ᠠᠭᠤᠰᠤᠯᠴᠠᠯ ᠤᠨ ᠨᠢᠭᠡ ᠪᠦᠯᠦᠭ ᠰᠣᠳᠣᠨ ᠲᠦᠷᠦᠯ ᠵᠦᠢᠯ ᠢ ᠡᠭᠦᠳᠴᠦ᠂ ᠠᠭᠤᠰᠤᠯᠴᠠᠨ ᠬᠥᠭᠵᠢᠬᠦ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ ᠬᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号