ᠸᠠᠩ ᠯᠢ ᠳ᠋ᠦᠩ ᠬᠡᠰᠡᠭ ᠠᠵᠤ ᠠᠬᠤᠶᠢᠯᠠᠯ ᠪᠣᠯᠤᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/10/15
   10 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ ᠬᠡᠰᠡᠭ ᠠᠵᠤ ᠠᠬᠤᠶᠢᠯᠠᠯ ᠪᠠ ᠪᠠᠶᠢᠭᠤᠯᠵᠤ ᠪᠠᠶᠢᠭ᠎ᠠ ᠲᠥᠷᠥᠯ ᠵᠤᠶᠢᠯ ᠤᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠲᠥᠷᠥᠯ ᠵᠤᠶᠢᠯ ᠤᠨ ᠪᠠᠷᠢᠯᠭ᠎ᠠ ᠶᠢᠨ ᠠᠵᠢᠯ ᠢ ᠯᠠᠪᠳᠠᠭᠤᠨ ᠪᠥᠭᠡᠳ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤᠨ ᠤ ᠵᠠᠮ ᠬᠠᠷᠢᠯᠴᠠᠭ᠎ᠠ ᠵᠥᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃    ᠨᠡᠶᠢᠲᠡ ᠶᠢᠨ ᠵᠠᠮ ᠬᠠᠷᠢᠯᠴᠠᠭᠠᠨ ᠤ ᠡᠬᠢᠯᠡᠯᠲᠡ ᠶᠢᠨ ᠦᠷᠳᠡᠭᠡ ᠳᠤ᠂ ᠸᠠᠩ ᠯᠢ ᠳ᠋ᠦᠩ ᠺᠣᠮᠫᠠᠨᠢ ᠶᠢᠨ ᠵᠠᠮ ᠱᠤᠭᠤᠮ ᠤᠨ ᠲᠡᠷᠭᠡ ᠬᠥᠰᠬᠡ ᠶᠢᠨ ᠲᠤᠬᠢᠷᠠᠭᠤᠯᠤᠯᠳᠠ᠂ ᠠᠵᠢᠯᠳᠠᠨ ᠤ ᠲᠤᠬᠢᠷᠠᠭᠤᠯᠤᠯᠳᠠ᠂ ᠠᠵᠢᠯᠳᠠᠨ ᠤ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ᠂ ᠲᠡᠷᠭᠡ ᠬᠥᠰᠬᠡ ᠶᠢ ᠠᠷᠢᠭᠤᠳᠬᠠᠬᠤ ᠶᠠᠪᠤᠴᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠵᠡᠷᠭᠡ ᠳᠤ ᠴᠢᠬᠤᠯᠠᠴᠢᠯᠠᠭᠰᠠᠨ ᠨᠢ᠂ ᠡᠳᠦᠷ ᠲᠤᠲᠤᠮ ᠤᠨ ᠲᠠᠯᠠᠪᠤᠷ ᠪᠣᠯᠤᠨ ᠲᠡᠷᠭᠡ ᠤᠨᠤᠭ᠎ᠠ ᠶᠢ ᠠᠷᠢᠭᠤᠳᠬᠠᠬᠤ ᠠᠵᠢᠯ ᠢ ᠰᠠᠶᠢᠲᠤᠷ ᠬᠢᠬᠦ ᠶᠢ ᠪᠠᠷᠢᠮᠲᠠᠯᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠰᠡᠷᠭᠡᠶᠢᠯᠡᠨ ᠡᠵᠡᠮᠳᠡᠬᠦ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠡᠵᠡᠩᠨᠡᠯᠲᠡ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠷᠢᠨ ᠲᠡᠭᠦᠯᠳᠡᠷ ᠲᠥᠰᠦᠯ ᠢ ᠲᠣᠭᠲᠠᠭᠠᠵᠤ᠂ ᠲᠡᠷᠭᠡ ᠶᠠᠪᠤᠭᠤᠯᠬᠤ ᠵᠠᠮ ᠱᠤᠭᠤᠮ ᠢ ᠵᠦᠶ ᠵᠣᠬᠢᠰᠲᠠᠶ ᠲᠥᠯᠥᠪᠵᠢᠭᠦᠯᠵᠦ᠂ ᠲᠡᠷᠭᠡ ᠶᠠᠪᠤᠭᠤᠯᠬᠤ ᠡᠭᠡᠯᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠤᠲᠠ ᠶᠢᠨ ᠠᠷᠠᠳ ᠤᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠲᠡᠶ ᠭᠡᠵᠡᠶ᠃    ᠳᠤ ᠺᠠᠩ ᠲᠠᠷᠢᠶᠠᠯᠠᠩ ᠮᠠᠯ ᠠᠵᠤ ᠠᠬᠤᠶ᠂ ᠮᠧᠩ ᠶᠠᠩ ᠮᠠᠯ ᠠᠵᠤ ᠠᠬᠤᠶ ᠳᠤ᠂ ᠸᠠᠩ ᠯᠢ ᠳ᠋ᠦᠩ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠵᠦ ᠡᠳ᠋ᠰᠢᠭᠦᠯᠬᠦ᠂ ᠪᠣᠷᠣᠯᠠᠭᠤᠯᠬᠤ ᠠᠷᠭ᠎ᠠ ᠵᠠᠮ᠂ ᠠᠵᠢᠯᠴᠢᠨ ᠤ ᠴᠠᠯᠢᠩ ᠬᠥᠯᠥᠰᠥ ᠣᠯᠭᠤᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠨᠠᠷᠢᠨ ᠠᠰᠠᠭᠤᠨ ᠯᠠᠪᠯᠠᠵᠠᠶ᠃ ᠸᠠᠩ ᠯᠢ ᠳ᠋ᠦᠩ ᠱᠠᠭᠠᠷᠳᠠᠭᠰᠠᠨ ᠨᠢ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠰᠤᠳᠤᠯᠤᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢ ᠥᠷᠭᠡᠳᠬᠡᠵᠦ᠂ ᠳᠡᠭᠡᠳᠦ ᠳᠤᠮᠳᠠ ᠳᠤᠤᠷᠠᠳᠤ ᠤᠷᠤᠰᠬᠠᠯ ᠤᠨ ᠬᠡᠯᠬᠢᠶ᠎ᠡ ᠶᠢ ᠨᠢᠭᠲᠠ ᠵᠣᠯᠭᠠᠭᠤᠯᠤᠭᠰᠠᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠤᠷᠢᠳᠠᠪᠠᠷ ᠦᠢᠯᠡᠴᠢᠯᠡᠵᠦ᠂ ᠨᠠᠷᠢᠯᠢᠭ  ᠤᠨᠤᠪᠴᠢᠲᠠᠢ ᠪᠠᠷ ᠦᠢᠯᠡᠴᠢᠯᠡᠵᠦ᠂ ᠥᠨᠳᠥᠷ ᠦᠷ᠎ᠡ ᠪᠦᠲᠦᠮᠵᠢᠲᠡᠶ ᠪᠠᠷ ᠦᠢᠯᠡᠴᠢᠯᠡᠵᠦ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠢᠳᠡᠪᠬᠢᠲᠡᠶ ᠪᠠᠷ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠰᠠᠨᠠᠭ᠎ᠠ ᠠᠮᠤᠷ ᠦᠢᠯᠡᠳᠪᠦᠷᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ ᠬᠡᠵᠡᠢ᠃    ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠮᠡᠷᠭᠡᠵᠢᠯ ᠳᠤ ᠬᠡᠷᠡᠭᠯᠡᠬᠦ ᠬᠡᠷ ᠪᠠᠶᠢᠰᠢᠩ ᠤᠨ ᠲᠥᠷᠥᠯ ᠵᠤᠶᠢᠯ᠂ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠲᠤᠬᠠᠶ ᠶᠢᠨ ᠲᠠᠯᠠᠪᠠᠶ ᠳᠤ᠂ ᠸᠠᠩ ᠯᠢ ᠳ᠋ᠦᠩ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠪᠠ ᠣᠳᠣᠬᠠᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠣᠶᠢᠯᠠᠭᠠᠪᠠ᠃ ᠸᠠᠩ ᠯᠢ ᠳ᠋ᠦᠩ ᠴᠢᠬᠤᠯᠠᠴᠢᠯᠠᠭᠰᠠᠨ ᠨᠢ᠂ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠠᠤᠯᠢ ᠲᠣᠭᠲᠠᠭᠠᠯ ᠶᠣᠰᠣᠭᠠᠷ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠲᠦᠷᠭᠡᠨ ᠠᠬᠢᠭᠤᠯᠵᠤ᠂ ᠡᠯ᠎ᠡ ᠪᠠᠷᠢᠯᠭ᠎ᠠ ᠶᠢᠨ ᠨᠢᠭᠡᠴᠡ ᠶᠢᠨ ᠬᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠲᠣᠭᠲᠠᠭᠰᠠᠨ ᠬᠤᠭᠤᠴᠠᠭᠠᠨ ᠳᠤ ᠲᠤᠰᠢᠶᠠᠨ ᠥᠭᠴᠦ ᠬᠡᠷᠡᠭᠯᠡᠭᠦᠯᠬᠦ ᠶᠢ ᠪᠠᠲᠤᠯᠠᠬᠤ ᠬᠡᠷᠡᠭᠲᠡᠢ ᠬᠡᠵᠡᠢ᠃     ᠳ᠋ᠠᠱᠢᠵᠠᠢ ᠵᠡᠭᠡᠯᠢ ᠶᠢᠨ ᠲᠥᠷᠥᠯ ᠵᠦᠢᠯ᠂ ᠤᠷᠲᠤᠨ ᠤ ᠡᠮᠦᠨᠡᠬᠢ ᠵᠡᠭᠡᠯᠢ ᠶᠢᠨ ᠵᠡᠭᠦᠨ ᠲᠠᠯ᠎ᠠ ᠶᠢᠨ ᠲᠥᠷᠥᠯ ᠵᠦᠢᠯ᠂ ᠲᠢᠶᠠᠨ ᠵᠢᠶᠤᠤ ᠵᠠᠮ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠸᠠᠩ ᠯᠢ ᠳ᠋ᠦᠩ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠨᠡᠭᠦᠯᠭᠡᠨ ᠲᠥᠪᠬᠢᠨᠡᠭᠦᠯᠬᠦ᠂ ᠪᠡᠯᠡ ᠮᠥᠩᠭᠦ ᠶᠢᠨ ᠨᠥᠬᠦᠪᠥᠷᠢ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠦᠬᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠤᠯᠠᠨ ᠲᠦᠮᠡᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠢ ᠳᠡᠭᠡᠭᠰᠢᠯᠡᠭᠦᠯᠬᠦ ᠶᠠᠪᠤᠴᠠ ᠳᠤ ᠲᠥᠯᠥᠪᠵᠢᠭᠦᠯᠭᠡ ᠶᠢ ᠰᠢᠯᠢᠳᠡᠭᠵᠢᠭᠦᠯᠵᠦ᠂ ᠦᠵᠡᠮᠵᠢ ᠶᠢ ᠡᠬᠢ ᠪᠠᠶᠠᠯᠢᠭ ᠪᠣᠯᠭᠠᠵᠤ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号