ᠳᠠᠷᠢᠮᠠᠯ ᠤᠨ ᠭᠠᠩ ᠢ ᠡᠰᠡᠷᠬᠦᠴᠡᠬᠦ ᠠᠷᠭ᠎ᠠ ᠪᠠᠷᠢᠯ ᠳᠤ ᠶᠠᠮᠠᠷ ᠬᠡᠳᠥᠨ ᠵᠥᠢᠯ ᠪᠠᠶᠢᠳᠠᠭ ᠪᠤᠢ
ᠨᠡᠶᠢᠲᠡᠯᠡᠭᠰᠡᠨ ᠴᠠᠭ᠄
2021/10/18
   ᠨᠢᠭᠡ᠂ ᠰᠢᠷ᠎ᠠ ᠪᠤᠷᠴᠠᠭ ᠤᠨ ᠭᠠᠩ ᠢ ᠡᠰᠡᠷᠬᠦᠴᠡᠬᠦ ᠠᠷᠭ᠎ᠠ ᠪᠠᠷᠢᠯ ᠳᠤ ᠭᠤᠤᠯᠳᠠᠭᠤ ᠳᠤᠤᠷᠠᠬᠢ ᠬᠡᠳᠥᠨ ᠵᠥᠢᠯ ᠪᠤᠢ᠃    1. ᠤᠰᠥᠨ ᠤ ᠡᠬᠢ ᠰᠤᠷᠪᠤᠯᠵᠢ ᠶᠢ ᠢᠳᠡᠪᠬᠢᠳᠡᠢ ᠮᠠᠯᠳᠠᠵᠤ᠂ ᠤᠰᠥ ᠨᠦᠬᠦᠪᠤᠷᠢᠯᠡᠬᠦ ᠬᠤᠳᠳᠤᠭ ᠨᠠᠮᠡᠵᠤ ᠮᠠᠯᠳᠠᠨ᠂ ᠤᠰᠤᠯᠠᠯᠳᠠ ᠪᠠᠨ ᠢᠯᠭᠤᠮ ᠪᠤᠯᠭᠠᠨ᠎ᠠ᠃    2. ᠤᠰᠥᠨ ᠳᠤ ᠭᠠᠮᠳᠠᠢ ᠤᠰᠤᠯᠠᠬᠤ ᠠᠷᠭ᠎ᠠ ᠶᠢ ᠳᠡᠯᠭᠡᠷᠡᠬᠦᠯᠥᠨ᠎ᠡ᠃ ᠳᠠᠷᠢᠶᠠᠨ ᠳᠠᠯᠠᠩ ᠤᠨ ᠬᠠᠵᠠᠭᠤ ᠪᠠᠷ ᠭᠤᠤ ᠮᠠᠯᠳᠠᠵᠤ᠂ ᠤᠰᠥ ᠨᠡᠪᠴᠢᠷᠡᠬᠦᠯᠥᠨ ᠤᠰᠤᠯᠠᠬᠤ᠂ ᠲᠦᠰᠦᠷᠭᠡᠨ ᠤᠰᠤᠯᠠᠬᠤ ᠵᠡᠷᠭᠡ ᠠᠷᠭ᠎ᠠ ᠪᠠᠷ ᠤᠰᠤᠯᠠᠬᠤ ᠶᠢᠨ ᠬᠠᠮᠳᠥ ᠰᠦᠨᠢ ᠦᠨᠵᠢᠭᠡᠳ ᠨᠢᠮᠭᠡᠨ ᠰᠢᠷᠥᠢ ᠪᠠᠷ ᠳᠠᠷᠤᠵᠤ ᠪᠤᠯᠤᠳᠠᠬᠤ ᠠᠷᠭ᠎ᠠ ᠪᠠᠷ ᠤᠰᠥ ᠨᠦᠬᠦᠪᠤᠷᠢᠯᠡᠬᠦ ᠪᠠ ᠴᠢᠬᠢᠭ ᠢ ᠬᠠᠮᠠᠭᠠᠯᠠᠨ᠎ᠠ᠃    3. ᠰᠢᠷ᠎ᠠ ᠪᠤᠷᠴᠠᠭ ᠢᠶᠠᠨ ᠳᠠᠷᠢᠭᠰᠠᠨ ᠤ ᠳᠠᠷᠠᠭ᠎ᠠ ᠪᠠᠶᠢᠴᠠᠭᠠᠬᠤ ᠠᠵᠢᠯ ᠢᠶᠠᠨ ᠳᠠᠷᠦ᠋ᠢᠬᠠᠨ ᠬᠢᠵᠤ᠂ ᠳᠠᠷᠢᠭᠰᠠᠨ ᠤ ᠳᠠᠷᠠᠭᠠᠬᠢ 3 — 5 ᠬᠤᠨᠤᠭ ᠪᠤᠯᠪᠠᠯ ᠴᠢᠬᠢᠭ ᠤᠨ ᠪᠠᠶᠢᠳᠠᠯ ᠢ ᠡᠬᠢᠯᠡᠨ ᠪᠠᠶᠢᠴᠠᠭᠠᠵᠤ᠂ ᠰᠦᠶ᠎ᠡ ᠬᠠᠳᠠᠭᠰᠠᠨ᠂ ᠦᠷ᠎ᠡ ᠦᠬᠦᠭᠰᠡᠨ ᠭᠠᠵᠠᠷ ᠲᠤ ᠴᠠᠭ ᠲᠤᠬᠠᠢ ᠳᠤ ᠨᠢ ᠤᠰᠤᠯᠠᠨ ᠨᠦᠬᠦᠵᠤ ᠳᠠᠷᠢᠬᠤ ᠬᠡᠷᠡᠭᠳᠡᠢ᠃ ᠴᠢᠬᠢᠯᠡᠭᠰᠡᠨ ᠤ ᠳᠠᠷᠠᠭ᠎ᠠ ᠴᠢᠬᠢ ᠶᠢᠨ ᠪᠠᠶᠢᠳᠠᠯ ᠢ ᠪᠠᠶᠢᠴᠠᠭᠠᠵᠤ᠂ ᠰᠦᠷᠡᠬᠡᠢ ᠭᠠᠨᠭ᠍ᠳᠠᠭᠰᠠᠨ ᠭᠠᠵᠠᠷ ᠲᠤ ᠤᠰᠤᠯᠠᠬᠤ ᠬᠡᠷᠡᠭᠳᠡᠢ᠃ ᠴᠢᠬᠢᠯᠡᠬᠦ ᠠᠴᠠ ᠡᠮᠥᠨ᠎ᠡ ᠤᠷᠭᠤᠮᠠᠯ ᠤᠨ ᠰᠦᠶ᠎ᠡ ᠶᠢᠨ ᠪᠠᠶᠢᠳᠠᠯ ᠢ ᠪᠠᠶᠢᠴᠠᠭᠠᠵᠤ᠂ ᠴᠢᠬᠢᠯᠡᠭᠰᠡᠨ ᠨᠢ ᠵᠢᠭᠳᠡ ᠦᠬᠡᠢ ᠭᠠᠵᠠᠷ ᠲᠤ ᠳᠠᠷᠦ᠋ᠢᠬᠠᠨ ᠨᠦᠬᠦᠵᠤ ᠳᠠᠷᠢᠬᠤ ᠬᠡᠷᠡᠭᠳᠡᠢ᠃    4. ᠰᠢᠷ᠎ᠡ ᠪᠤᠷᠴᠠᠭ ᠴᠢᠬᠢᠯᠡᠭᠰᠡᠨ ᠤ ᠳᠠᠷᠠᠭ᠎ᠠ ᠬᠤᠭ ᠡᠪᠡᠰᠥ ᠶᠢ ᠨᠢ ᠳᠠᠷᠦ᠋ᠢᠬᠠᠨ ᠠᠷᠢᠯᠭᠠᠵᠤ᠂ ᠳᠠᠷᠢᠶᠠᠨ ᠭᠠᠵᠠᠷ ᠤᠨ ᠤᠰᠥᠨ ᠤ ᠬᠤᠷᠤᠭᠳᠠᠯ ᠢ ᠪᠠᠭᠠᠰᠬᠠᠬᠤ ᠬᠡᠷᠡᠭᠳᠡᠢ᠃    5. ᠬᠦᠷᠥᠰᠥᠨ ᠤ ᠴᠢᠬᠢᠭ ᠠᠨᠠᠶᠢᠬᠠᠨ ᠪᠦᠭᠡᠳ ᠤᠰᠥᠨ ᠤ ᠡᠬᠢ ᠰᠤᠷᠪᠤᠯᠵᠢ ᠬᠥᠢᠴᠡᠳ ᠦᠬᠡᠢ ᠦᠶ᠎ᠡ ᠳᠤ ᠬᠦᠷᠥᠰᠥ ᠰᠤᠯᠠᠷᠠᠭᠤᠯᠬᠤ ᠪᠤᠯᠤᠨ ᠠᠷᠴᠢᠵᠤ ᠳᠠᠩᠨᠠᠪᠠᠯ ᠴᠢᠬᠢᠭ ᠢ ᠬᠠᠮᠠᠭᠠᠯᠠᠨ ᠭᠠᠨᠭ᠍ᠳᠠᠬᠤ ᠠᠴᠠ ᠰᠡᠷᠬᠡᠶᠢᠯᠡᠬᠦ ᠳᠤ ᠠᠰᠢᠭᠳᠠᠢ ᠪᠠᠶᠢᠳᠠᠭ᠃    ᠬᠤᠶᠠᠷ᠂ ᠤᠰᠥᠨ ᠳᠤᠳᠤᠷᠭ᠎ᠠ ᠶᠢᠨ ᠭᠠᠩ ᠢ ᠡᠰᠡᠷᠬᠦᠴᠡᠬᠦ ᠳᠠᠷᠢᠶᠠᠨ ᠠᠵᠢᠯ ᠤᠨ ᠬᠠᠮᠢᠶᠠᠷᠤᠯᠳᠠ ᠶᠢᠨ ᠮᠡᠷᠭᠡᠵᠢᠯ ᠳᠤ ᠶᠠᠮᠠᠷ ᠬᠡᠳᠥᠨ ᠵᠥᠢᠯ ᠪᠠᠶᠢᠳᠠᠭ ᠪᠤᠢ    1. ᠤᠰᠥᠨ ᠤ ᠡᠬᠢ ᠰᠤᠷᠪᠤᠯᠵᠢ ᠶᠢ ᠢᠳᠡᠪᠬᠢᠳᠡᠢ ᠨᠡᠭᠡᠭᠡᠵᠤ᠂ ᠤᠰᠥᠨ ᠳᠤᠳᠤᠷᠭ᠎ᠠ ᠶᠢᠨ ᠤᠷᠭᠤᠯᠳᠠ ᠶᠢᠨ ᠪᠦᠬᠦ ᠬᠤᠭᠤᠴᠠᠭᠠᠨ ᠳᠤ ᠬᠡᠷᠡᠭᠰᠡᠬᠦ ᠤᠰᠥᠨ ᠤ ᠬᠡᠮᠵᠢᠶ᠎ᠡ ᠶᠢ ᠰᠠᠶᠢᠳᠥᠷ ᠲᠦᠯᠥᠪᠯᠡᠬᠦ ᠬᠡᠷᠡᠭᠳᠡᠢ᠃    2. ᠤᠰᠥᠨ ᠳᠤ ᠭᠠᠮᠳᠠᠢ ᠤᠰᠤᠯᠠᠬᠤ ᠮᠡᠷᠭᠡᠵᠢᠯ ᠢ ᠳᠡᠯᠭᠡᠷᠡᠬᠦᠯᠥᠨ᠂ ᠰᠢᠨᠵᠢᠯᠡᠬᠦ ᠤᠬᠠᠭᠠᠨᠴᠢ ᠪᠠᠷ ᠤᠰᠥ ᠠᠷᠪᠢᠯᠠᠬᠤ ᠬᠡᠷᠡᠭᠳᠡᠢ᠃ ᠠᠰᠢᠬᠳᠥ ᠪᠤᠳᠠᠯᠠᠬᠤ ᠬᠤᠭᠤᠴᠠᠭᠠᠨ ᠠᠴᠠ ᠡᠮᠥᠨ᠎ᠡ ᠬᠥᠢᠭᠡᠨ ᠤᠰᠥ ᠪᠠᠷ ᠤᠰᠤᠯᠠᠬᠤ ᠪᠠᠷ ᠭᠤᠤᠯᠯᠠᠵᠤ᠂ ᠠᠰᠢᠬᠳᠥ ᠪᠤᠳᠠᠯᠠᠬᠤ ᠬᠤᠭᠤᠴᠠᠭ᠎ᠠ ᠳᠡᠬᠦᠰᠬᠦ ᠦᠶ᠎ᠡ ᠳᠤ ᠤᠰᠥ ᠶᠢ ᠨᠢ ᠳᠠᠷᠦ᠋ᠢᠬᠠᠨ ᠭᠠᠳᠠᠭᠰᠢᠯᠠᠭᠤᠯᠤᠭᠠᠳ ᠳᠠᠷᠢᠶ᠎ᠠ ᠪᠠᠨ 7 — 10 ᠬᠤᠨᠤᠭ ᠡᠪᠡᠷᠡᠭᠡᠵᠤ᠂ ᠬᠠᠳᠠᠭᠤᠷᠠᠵᠤ ᠪᠤᠯᠪᠠᠰᠤᠷᠠᠬᠤ ᠬᠤᠭᠤᠴᠠᠭᠠᠨ ᠳᠤ ᠨᠢ ᠴᠢᠬᠢᠭ ᠲᠠᠢ ᠠᠴᠠ ᠨᠢ ᠬᠠᠭᠤᠷᠠᠶᠢᠰᠢᠭᠤᠯᠥᠨ᠎ᠠ᠃    3. ᠬᠡᠷᠪᠡ ᠳᠠᠷᠢᠭᠰᠠᠨ ᠤ ᠳᠠᠷᠠᠭ᠎ᠠ ᠶᠡᠭᠡ ᠳᠠᠯᠠᠪᠠᠢ ᠪᠠᠷ ᠭᠠᠨᠭ᠍ᠳᠠᠬᠤ ᠳᠤ ᠬᠦᠷᠪᠡᠯ ᠬᠤᠭ ᠡᠪᠡᠰᠥ ᠶᠢ ᠨᠢ ᠳᠠᠷᠦ᠋ᠢᠬᠠᠨ ᠠᠷᠢᠯᠭᠠᠬᠤ ᠬᠡᠷᠡᠭᠳᠡᠢ᠃    4. ᠤᠰᠥᠨ ᠤ ᠡᠬᠢ ᠰᠤᠷᠪᠤᠯᠵᠢ ᠬᠦᠷᠥᠯᠴᠡᠬᠦ ᠦᠬᠡᠢ ᠭᠠᠵᠠᠷ ᠤᠷᠤᠨ ᠳᠤ ᠭᠠᠨᠭ᠍ᠳᠠᠬᠤ ᠶᠢ ᠰᠡᠷᠬᠡᠶᠢᠯᠡᠬᠦ ᠡᠳ᠋ ᠬᠡᠷᠡᠭᠯᠡᠬᠦ ᠪᠤᠶᠤ ᠪᠦᠳᠡᠭᠡᠯᠭᠡ ᠪᠠᠨ ᠵᠤᠵᠠᠭᠠᠯᠠᠬᠤ ᠵᠡᠷᠭᠡ ᠠᠷᠭ᠎ᠠ ᠪᠠᠷ ᠴᠢᠬᠢᠭ ᠠᠴᠠ ᠬᠠᠮᠠᠭᠠᠯᠠᠨ ᠭᠠᠩ ᠢ ᠡᠰᠡᠷᠬᠦᠴᠡᠨ᠎ᠡ    ︽ᠮᠠᠯᠴᠢᠨ ᠳᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠴᠤᠪᠤᠷᠠᠯ ᠪᠢᠴᠢᠭ︾ ᠠᠴᠠ ᠠᠪᠤᠪᠠ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号