ᠲᠡᠵᠢᠭᠡᠯ ᠡᠪᠡᠰᠦ ᠪᠣᠯᠤᠨ ᠪᠣᠷᠳᠤᠭᠠᠨ ᠲᠠᠷᠢᠮᠠᠯ ᠤᠨ ᠬᠡᠮᠳᠦᠯ ᠬᠤᠷᠤᠬᠠᠶᠢᠳᠤᠯ ᠢ ᠰᠡᠷᠭᠡᠶᠢᠯᠡᠨ ᠵᠠᠰᠠᠬᠤ
ᠨᠡᠶᠢᠲᠡᠯᠡᠭᠰᠡᠨ ᠴᠠᠭ᠄
2021/10/18
   ᠲᠡᠵᠢᠭᠡᠯ ᠡᠪᠡᠰᠦ ᠪᠣᠯᠤᠨ ᠪᠣᠷᠳᠤᠭᠠᠨ ᠲᠠᠷᠢᠮᠠᠯ ᠨᠢ ᠬᠡᠮᠳᠦᠯ ᠬᠤᠷᠤᠬᠠᠶᠢᠳᠤᠯ ᠠᠴᠠ ᠪᠣᠯᠵᠤ ᠦᠷᠭᠦᠯᠵᠢ ᠤᠨᠠᠯᠲᠠ ᠬᠠᠰᠤᠭᠳᠠᠬᠤ ᠦᠵᠡᠭᠳᠡᠯ ᠭᠠᠷᠬᠤ ᠪᠣᠶᠤ ᠬᠥᠨᠳᠦ ᠨᠣᠴᠢᠲᠠᠢ ᠦᠶᠡᠰ ᠪᠦᠷ ᠬᠠᠳᠠᠵᠤ ᠬᠤᠪᠠᠭ᠋ᠠᠶᠢᠷᠠᠳᠠᠭ ᠴᠦ ᠪᠣᠢ᠃    ᠲᠡᠵᠢᠭᠡᠯ ᠡᠪᠡᠰᠦ ᠪᠣᠯᠤᠨ ᠪᠣᠷᠳᠤᠭᠠᠨ ᠲᠠᠷᠢᠮᠠᠯ ᠤᠨ ᠬᠡᠮᠳᠦᠯ ᠬᠤᠷᠤᠬᠠᠶᠢᠳᠤᠯ ᠢ ᠰᠡᠷᠬᠡᠶᠢᠯᠡᠬᠦ ᠳᠤ ᠡᠷᠬᠡᠪᠰᠢ ︽ᠰᠡᠷᠭᠡᠶᠢᠯᠡᠬᠦ ᠪᠠᠷ ᠭᠤᠤᠯ ᠪᠣᠯᠭᠠᠵᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠬᠡᠷᠡᠭᠵᠢᠭᠦᠯᠦᠨ᠎ᠡ᠃ ᠪᠣᠳᠠᠲᠠᠢ ᠠᠷᠭ᠎ᠠ ᠶᠢᠨ ᠲᠠᠯ᠎ᠠ ᠪᠠᠷ᠂ ᠣᠷᠭᠤᠮᠠᠯ ᠤᠨ ᠬᠢᠵᠢᠭ ᠤᠨ ᠪᠠᠶᠢᠴᠠᠭᠠᠯᠲᠠ᠂ ᠲᠠᠷᠢᠶᠠᠯᠠᠩ ᠤᠨ ᠰᠡᠷᠬᠡᠶᠢᠯᠡᠨ ᠵᠠᠰᠠᠬᠤ᠂ ᠠᠮᠢᠳᠤ ᠪᠣᠳᠠᠰ ᠤᠨ ᠰᠡᠷᠭᠡᠶᠢᠯᠡᠨ ᠵᠠᠰᠠᠬᠤ᠂ ᠬᠢᠮᠢ ᠪᠠ ᠹᠢᠽᠢᠺ᠂ ᠮᠧᠬᠠᠨᠢᠭ ᠤᠨ ᠰᠡᠷᠬᠡᠶᠢᠯᠡᠨ ᠵᠠᠰᠠᠬᠤ ᠠᠷᠭ᠎ᠠ ᠵᠡᠷᠭᠡ  ᠶᠢ ᠬᠡᠷᠡᠭᠵᠢᠭᠦᠯᠦᠨ᠎ᠡ᠃    ᠬᠡᠮᠳᠦᠯ ᠬᠤᠷᠤᠬᠠᠶᠢᠳᠤᠯ ᠢ ᠡᠰᠡᠷᠭᠦᠴᠡᠬᠦ ᠴᠢᠨᠠᠷ ᠢᠶᠠᠷ ᠰᠠᠶᠢᠨ ᠰᠣᠷᠲ ᠢ ᠰᠣᠩᠭᠤᠨ ᠪᠤᠶᠢᠵᠢᠭᠤᠯᠬᠤ᠂ ᠵᠣᠬᠢᠰᠲᠠᠢ ᠡᠭᠡᠯᠵᠢᠯᠡᠨ ᠲᠠᠷᠢᠬᠤ᠂ ᠬᠦᠷᠦᠰᠦ ᠶᠢ ᠰᠠᠶᠢᠵᠢᠷᠠᠭᠤᠯᠬᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠠᠪᠣᠨ᠎ᠠ᠃ ᠠᠰᠢᠭᠲᠤ ᠠᠮᠢᠳᠤ ᠪᠣᠳᠠᠰ ᠢ ᠬᠡᠷᠡᠭᠯᠡᠵᠦ ᠬᠥᠨᠦᠬᠡᠯᠲᠦ ᠠᠮᠢᠳᠤ ᠪᠣᠳᠠᠰ ᠢ ᠰᠥᠨᠦᠭᠡᠨ᠎ᠡ᠃ ᠥᠭᠡᠷ᠎ᠡ ᠪᠠᠷ ᠬᠡᠯᠡᠪᠡᠯ ᠬᠥᠨᠦᠭᠡᠯᠲᠦ ᠬᠤᠷᠤᠬᠠᠢ ᠶᠢᠨ ᠲᠦᠷᠦᠯᠬᠢ ᠳᠠᠶᠢᠰᠤᠨ ᠢ ᠠᠰᠢᠭᠯᠠᠵᠤ ᠲᠡᠭᠦᠨ ᠢ ᠤᠰᠠᠳᠬᠠᠨ᠎ᠠ᠃    ᠬᠢᠮᠢ ᠶᠢᠨ ᠠᠮᠢᠳᠤ ᠪᠣᠳᠠᠰ ᠢ ᠬᠤᠷᠤᠬᠠᠢ ᠠᠯᠠᠬᠤ ᠡᠮ ᠪᠣᠯᠤᠨ ᠪᠠᠺᠲ᠋ᠧᠷᠢ ᠠᠯᠠᠬᠤ ᠡᠮ ᠭᠡᠵᠦ ᠬᠤᠶᠠᠷ ᠵᠦᠢᠯ ᠬᠤᠪᠢᠶᠠᠳᠠᠭ᠃ ᠠᠳᠠᠯᠢ ᠪᠣᠰᠤ ᠰᠢᠨᠵᠢ ᠴᠢᠨᠠᠷ ᠪᠦᠬᠦᠢ ᠬᠢᠮᠢ ᠶᠢᠨ ᠡᠮ ᠨᠢ ᠰᠤᠩᠭᠤᠯᠲᠠ ᠶᠢᠨ ᠴᠢᠨᠠᠷ ᠲᠠᠢ ᠪᠣᠶᠤ ᠣᠨᠤᠭᠠᠬᠤ ᠴᠢᠨᠠᠷ ᠲᠠᠢ ᠠᠯᠠᠵᠤ ᠰᠢᠷᠬᠠᠳᠤᠭᠤᠯᠬᠤ ᠦᠢᠯᠡᠳᠦᠯ ᠲᠠᠢ ᠪᠠᠶᠢᠳᠠᠭ ᠲᠤᠯᠠ ᠣᠨᠤᠭᠠᠵᠤ ᠬᠡᠷᠡᠭᠯᠡᠬᠦ ᠬᠡᠷᠡᠭᠲᠡᠢ ᠃ ᠡᠭᠦᠨ ᠤ ᠬᠠᠮᠲᠤ ᠪᠠᠰᠠ ᠠᠮᠢᠳᠤ ᠪᠣᠳᠠᠰ ᠤᠨ ᠬᠤᠤᠷᠠᠲᠤ ᠴᠢᠨᠠᠷ᠂ ᠭᠡᠮᠳᠤᠯ ᠬᠤᠷᠤᠬᠠᠶᠢᠳᠤᠯ ᠤᠨ ᠲᠤᠰᠬᠠᠯ᠂ ᠲᠡᠵᠢᠭᠡᠯ ᠡᠪᠡᠰᠦ ᠳᠠᠬᠢ ᠠᠶᠤᠯ ᠦᠭᠡᠢ ᠴᠢᠨᠠᠷ᠂ ᠬᠥᠮᠦᠨ ᠮᠠᠯ ᠬᠢᠭᠡᠳ ᠬᠦᠷᠦᠰᠦ ᠰᠢᠷᠤᠢ ᠳᠤ ᠬᠤᠤᠷ ᠦᠬᠡᠢ ᠪᠠᠶᠢᠬᠤ ᠵᠢᠴᠢ ᠠᠭᠤᠷ ᠠᠮᠢᠰᠬᠤᠯ ᠣᠷᠴᠢᠨ ᠲᠣᠭᠤᠷᠢᠨ ᠢ ᠪᠣᠬᠢᠷᠳᠤᠭᠤᠯᠬᠤ ᠦᠭᠡᠢ ᠪᠠᠶᠢᠬᠤ ᠶᠢ ᠠᠩᠬᠠᠷᠬᠤ ᠬᠡᠷᠡᠭᠲᠡᠢ ᠃ ᠡᠷᠬᠡᠪᠰᠢ ᠦᠢᠯᠡᠳᠦᠯ ᠢᠶᠠᠷ ᠰᠠᠶᠢᠨ᠂ ᠬᠤᠤᠷ ᠢᠶᠠᠷ ᠪᠠᠭ᠎ᠠ᠂ ᠪᠣᠬᠢᠷᠳᠤᠯ ᠦᠭᠡᠢ᠂ ᠰᠤᠩᠭᠤᠯᠲᠠ ᠶᠢᠨ ᠴᠢᠨᠠᠷ ᠲᠠᠢ ᠪᠦᠭᠡᠳ ᠦᠯᠡᠳᠡᠭᠳᠡᠯ ᠬᠤᠭᠤᠴᠠᠭ᠎ᠠ ᠨᠢ ᠣᠬᠤᠷ ᠡᠮ ᠢ ᠰᠣᠩᠭᠤᠵᠤ ᠬᠡᠷᠡᠭᠯᠡᠬᠦ ᠬᠡᠷᠡᠭᠲᠡᠢ᠃    ︽ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠴᠣᠪᠤᠷᠠᠯ ᠪᠢᠴᠢᠭ︾ ᠠᠴᠠ ᠠᠪᠤᠪᠠ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号