ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠡᠦᠬᠡ | ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ | ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ︽ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ | ᠴᠢᠩᠭᠠᠳᠬᠠᠬᠤ ᠲᠤᠬᠠᠶ ᠰᠠᠨᠠᠯ︾ ᠤᠨ ᠪᠥᠬᠦ ᠠᠭᠤᠯᠭ᠎ᠠ ᠨᠢ ᠳᠤᠤᠷᠠᠬᠢ ᠮᠡᠲᠦ᠃ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠮᠳᠠ ᠲᠡᠦᠬᠡ ᠰᠣᠶᠣᠯ ᠤᠨ ᠥᠪ ᠢ ᠰᠢᠰᠲ᠋ᠧᠮ ᠲᠠᠢ ᠰᠠᠶᠢᠲᠤᠷ | ᠬᠠᠮᠠᠭᠠᠯᠠᠵᠤ᠂ ᠠᠰᠢᠬᠯᠠᠵᠤ᠂ ᠤᠯᠠᠮᠵᠢᠯᠠᠨ ᠵᠠᠯᠭᠠᠮᠵᠢᠯᠠᠬᠤ ᠨᠢ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠰᠣᠶᠣᠯ ᠤᠨ | ᠢᠲᠡᠭᠡᠯ ᠢ ᠪᠠᠲᠤᠳᠬᠠᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠡᠳᠦᠭᠡ ᠳᠤᠤᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠬᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ | ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ︽ᠳᠥᠷᠪᠡᠨ ᠪᠥᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠶ ᠠᠬᠢᠭᠤᠯᠬᠤ ᠲᠠᠢ ᠨᠢᠭᠲᠠ | ᠤᠶᠠᠯᠳᠤᠭᠤᠯᠤᠨ᠂ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠤᠳᠠ ᠬᠥᠳᠡᠭᠡ ᠶᠢᠨ ᠲᠡᠦᠬᠡ | ᠰᠣᠶᠣᠯ ᠤᠨ ᠥᠪ ᠢ ᠰᠢᠰᠲ᠋ᠧᠮ ᠲᠠᠢ ᠪᠦᠷᠢᠨ ᠪᠦᠲᠦᠨ ᠬᠠᠮᠠᠭᠠᠯᠠᠵᠤ ᠤᠯᠠᠮᠵᠢᠯᠠᠬᠤ ᠪᠠ ᠳᠤᠮᠳᠠᠳᠤ ᠤᠯᠤᠰ ᠤᠨ ᠦᠯᠢᠭᠡᠷ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠪᠦᠬᠦ ᠲᠠᠯ᠎ᠠ ᠪᠠᠷ ᠦᠨᠡᠨ ᠪᠣᠳᠠᠲᠠᠢ ᠪᠠᠷ ᠰᠠᠶᠢᠲᠤᠷ ᠶᠠᠷᠢᠬᠤ ᠪᠠᠷ | ᠬᠠᠷᠠᠯᠲᠠ ᠪᠤᠯᠭᠠᠵᠤ᠂ ᠲᠡᠦᠬᠡ ᠳᠤ ᠬᠠᠷᠢᠭᠤᠴᠠᠬᠤ ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠳᠦᠷᠢᠮ ᠤᠨ | ᠦᠵᠦ ᠲᠥᠯᠥᠪᠯᠡᠭᠡ ᠶᠢ ᠴᠢᠩᠭᠠᠳᠬᠠᠵᠤ᠂ ᠲᠥᠷᠥᠯ ᠬᠤᠪᠢᠶᠠᠭᠰᠠᠨ ᠨᠢ ᠰᠢᠨᠵᠢᠯᠡᠬᠦ ᠤᠬᠠᠭᠠᠨᠴᠢ᠂ ᠬᠠᠮᠠᠭᠠᠯᠠᠯᠲᠠ ᠨᠢ | ᠬᠦᠴᠦᠨ ᠲᠠᠢ᠂ ᠬᠠᠮᠢᠶᠠᠷᠤᠯᠲᠠ ᠨᠢ ᠦᠷ᠎ᠡ ᠪᠦᠲᠦᠮᠵᠢᠲᠡᠶ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠰᠢᠰᠲ᠋ᠧᠮ ᠢ ᠪᠠᠶᠢᠭᠤᠯᠤᠨ᠎ᠠ︔ ᠲᠦᠷᠢᠮ ᠲᠣᠭᠲᠠᠴᠠ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ | ᠬᠠᠮᠠᠭᠠᠯᠠᠵᠤ ᠠᠰᠢᠬᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠵᠠᠢ ᠶᠢ ᠪᠦᠬᠦᠨ ᠢ ᠬᠠᠮᠤᠷᠴᠤ᠂ ᠡᠯᠧᠮᠧᠨ᠋ᠲ ᠢ | ᠪᠦᠬᠦᠨ ᠢ ᠪᠠᠭᠲᠠᠭᠠᠵᠤ᠂ ᠲᠠᠩ ᠴᠣᠭᠴᠠ ᠶᠢᠨ ᠪᠠᠷᠢᠯᠭ᠎ᠠ ᠶᠢ ᠬᠠᠮᠠᠭᠠᠯᠠᠬᠤ ᠪᠠᠷ ᠪᠠᠷᠠᠬᠤ ᠦᠭᠡᠢ ᠪᠠᠰᠠ ᠵᠡᠭᠡᠯᠢ ᠭᠤᠳᠤᠮᠵᠢ | ᠵᠡᠭᠡᠯᠢ ᠲᠤᠭᠤᠷᠢᠭ᠂ ᠬᠤᠳᠠ ᠪᠠᠯᠭᠠᠰᠤᠨ ᠤ ᠪᠠᠶᠢᠷᠢᠰᠢᠯ ᠢ ᠬᠠᠮᠠᠭᠠᠯᠠᠵᠤ᠂ ᠲᠡᠦᠬᠡ ᠲᠠᠢ ᠭᠠᠵᠠᠷ ᠬᠡᠰᠡᠭ᠂ ᠪᠠᠶᠢᠭᠠᠯᠢ ᠶᠢᠨ | ᠦᠵᠡᠮᠵᠢ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ ᠪᠣᠯᠤᠨ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ | ᠬᠠᠮᠠᠭᠠᠯᠠᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠮᠳᠠ ᠲᠡᠦᠬᠡ ᠰᠣᠶᠣᠯ ᠤᠨ ᠥᠪ ᠲᠠᠰᠤᠷᠠᠯᠳᠠ | ᠦᠭᠡᠢ ᠡᠪᠳᠡᠭᠳᠡᠬᠦ᠂ ᠨᠤᠷᠠᠭᠠᠭᠳᠠᠬᠤ ᠵᠡᠷᠭᠡ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠴᠠᠭ | ᠦᠶ᠎ᠡ ᠶᠢᠨ ᠴᠢᠬᠤᠯᠠ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠢ ᠰᠢᠰᠲ᠋ᠧᠮᠲᠦ ᠴᠢᠨᠠᠷᠲᠠᠢ ᠬᠠᠮᠠᠭᠠᠯᠠᠬᠤ ᠶᠢ | ᠪᠠᠲᠤᠯᠠᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ | ᠬᠠᠩᠭᠠᠨ᠎ᠠ᠃ | ︵ᠬᠤᠶᠠᠷ︶ ᠠᠵᠢᠯ ᠤᠨ ᠵᠠᠷᠴᠢᠮ᠃ | — ᠨᠢᠭᠡᠳᠦᠯᠲᠡᠢ ᠲᠥᠯᠥᠪᠵᠢᠭᠦᠯᠦᠨ᠂ ᠰᠢᠰᠲ᠋ᠧᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠤᠯᠤᠰ ᠠᠴᠠ ᠨᠢᠭᠡᠳᠦᠯᠲᠡᠢ | ᠲᠥᠯᠥᠪᠵᠢᠭᠦᠯᠬᠦ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠳᠤᠮᠳᠠᠬᠢ | ᠵᠣᠬᠢᠶᠠᠨ ᠪᠠᠶᠢᠭᠤᠯᠵᠤ ᠤᠳᠤᠷᠢᠳᠬᠤ ᠪᠠ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠲᠦᠯᠦᠪᠵᠢᠬᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠢᠨᠠᠯᠲᠠ ᠲᠠᠯᠪᠢᠵᠤ | ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠦᠷ᠎ᠡ ᠪᠦᠳᠦᠮᠵᠢ ᠶᠢ ᠪᠠᠶᠢᠴᠠᠭᠠᠬᠤ ᠶᠢ ᠴᠢᠩᠭᠠᠳᠬᠠᠵᠤ᠂ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ | ᠠᠬᠢᠭᠤᠯᠵᠤ᠂ ᠠᠵᠢᠯ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠢ ᠴᠢᠩᠭᠠᠳᠬᠠᠨ᠎ᠠ᠃ | — ᠥᠷᠲᠡᠭ ᠤᠨ ᠤᠳᠤᠷᠢᠳᠤᠮᠵᠢ ᠶᠢ ᠪᠠᠷᠢᠮᠲᠠᠯᠠᠵᠤ᠂ ᠬᠠᠮᠠᠭᠠᠯᠠᠪᠠᠰᠤ ᠵᠣᠬᠢᠬᠤ ᠶᠢ ᠨᠢ ᠪᠦᠬᠦᠨ ᠢ ᠬᠠᠮᠠᠭᠠᠯᠠᠨ᠎ᠠ᠃ | ᠲᠡᠦᠬᠡ ᠰᠣᠶᠣᠯ ᠤᠨ ᠦᠨ᠎ᠡ ᠥᠷᠲᠡᠭ ᠢᠶᠠᠷ ᠤᠳᠤᠷᠢᠳᠤᠮᠵᠢ ᠪᠣᠯᠭᠠᠵᠤ᠂ ᠦᠨᠡᠨ ᠪᠣᠳᠠᠲᠤ ᠴᠢᠨᠠᠷ᠂ ᠪᠦᠷᠢᠨ ᠪᠦᠲᠦᠨ | ᠴᠢᠨᠠᠷ ᠢ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠤᠷᠤᠰᠢᠬᠤᠢ ᠪᠦᠬᠦᠢ ᠰᠤᠶᠤᠯ ᠤᠨ ᠥᠪ ᠤᠨ ᠣᠨᠴᠠᠯᠢᠭ ᠲᠤ | ᠵᠣᠬᠢᠴᠠᠭᠤᠯᠵᠤ᠂ ᠡᠷᠲᠡᠨ ᠤ ᠪᠠ ᠣᠷᠴᠢᠨ ᠣᠲᠣ ᠦᠶ᠎ᠡ ᠶᠢᠨ᠂ ᠬᠤᠲᠠ ᠪᠠ ᠬᠥᠳᠡᠭᠡ ᠲᠣᠰᠬᠤᠨ᠂ ᠪᠣᠳᠠᠰ ᠤᠨ ᠪᠠ | ᠪᠣᠳᠠᠰ ᠤᠨ ᠪᠤᠰᠤ ᠵᠡᠷᠭᠡ ᠲᠡᠦᠬᠡ ᠰᠣᠶᠣᠯ ᠤᠨ ᠥᠪ ᠢ ᠪᠥᠬᠦ ᠲᠠᠯ᠎ᠠ ᠪᠠᠷ ᠰᠠᠶᠢᠲᠤᠷ ᠬᠠᠮᠠᠭᠠᠯᠠᠵᠤ᠂ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠲᠤᠮᠳᠠ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ | ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠣᠶ ᠪᠣᠯᠭᠠᠬᠤ ᠪᠠ ᠳᠣᠪᠤᠶᠢᠯᠭᠠᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠪᠠᠳᠠᠷᠠᠭᠤᠯᠤᠨ | ᠬᠥᠭᠵᠢᠭᠦᠯᠦᠨ᠎ᠡ᠃ | — ᠵᠦᠶ ᠵᠣᠬᠢᠰᠲᠠᠶ ᠠᠰᠢᠬᠯᠠᠵᠤ᠂ ᠤᠯᠠᠮᠵᠢᠯᠠᠨ ᠬᠥᠭᠵᠢᠭᠦᠯᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠤᠯ | ᠪᠣᠯᠭᠠᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠶ ᠪᠠᠷ ᠤᠨᠳᠤᠤᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠶ ᠪᠠᠷ | ᠬᠥᠭᠵᠢᠭᠦᠯᠬᠦ ᠶᠢ ᠪᠠᠷᠢᠮᠲᠠᠯᠠᠵᠤ᠂ ᠬᠠᠮᠠᠭᠠᠯᠠᠵᠤ ᠤᠯᠠᠮᠵᠢᠯᠠᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠣᠲᠣ ᠦᠶ᠎ᠡ ᠶᠢᠨ ᠠᠮᠢᠳᠤᠷᠠᠯ ᠳᠤ ᠠᠭᠤᠰᠤᠯᠴᠠᠭᠤᠯᠵᠤ᠂ ᠲᠡᠦᠬᠡ | ᠰᠣᠶᠣᠯ ᠬᠢᠭᠡᠳ ᠬᠤᠲᠠ ᠬᠥᠳᠡᠭᠡ ᠶᠢᠨ ᠬᠥᠭᠵᠢᠯᠲᠡ ᠶᠢ ᠠᠭᠤᠰᠤᠯᠴᠠᠭᠤᠯᠵᠤ᠂ ᠲᠡᠦᠬᠡ ᠰᠣᠶᠣᠯ ᠤᠨ ᠥᠪ ᠤᠨ | ᠨᠡᠶᠢᠭᠡᠮ ᠤᠨ ᠰᠤᠷᠭᠠᠨ ᠬᠥᠮᠦᠵᠢᠯ ᠤᠨ ᠦᠢᠯᠡᠳᠦᠯ ᠪᠣᠯᠤᠨ ᠬᠡᠷᠡᠭᠯᠡᠭᠡᠨ ᠤ ᠥᠷᠲᠡᠭ ᠢ ᠪᠠᠳᠠᠷᠠᠭᠤᠯᠵᠤ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠶᠢ ᠴᠢᠬᠤᠯᠠᠴᠢᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠨ᠎ᠠ᠃ | — ᠣᠯᠠᠨ ᠲᠠᠯ᠎ᠠ ᠶᠢᠨ ᠬᠢᠨ ᠤ ᠣᠷᠣᠯᠴᠠᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠨᠡᠶᠢᠭᠡᠮ ᠤᠨ ᠬᠦᠴᠦᠨ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠠᠮᠠᠭᠠᠯᠠᠵᠤ ᠤᠯᠠᠮᠵᠢᠯᠠᠬᠤ ᠠᠵᠢᠯ ᠳᠤ | ᠥᠷᠭᠡᠨ ᠢᠶᠠᠷ ᠣᠷᠣᠯᠴᠠᠭᠤᠯᠵᠤ᠂ ᠵᠠᠬ᠎ᠠ ᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠣᠯᠠᠨ ᠤ | ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ ᠢ ᠬᠥᠭᠵᠢᠭᠡᠵᠦ᠂ ᠬᠤᠲᠠ ᠬᠥᠳᠡᠭᠡ ᠶᠢᠨ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠳᠤ ᠠᠰᠢᠭᠲᠠᠶ ᠪᠠᠶᠢᠭᠤᠯᠤᠯ ᠲᠣᠭᠲᠠᠴᠠ ᠪᠠ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠨ᠎ᠠ | ᠃ | ︵ᠭᠤᠷᠪᠠ︶ ᠭᠤᠤᠯ ᠬᠠᠷᠠᠯᠲᠠ᠃ | 2025 ᠤᠨ ᠪᠣᠯᠲᠠᠯ᠎ᠠ᠂ ᠣᠯᠠᠨ ᠲᠠᠰ ᠳᠠᠪᠬᠤᠷᠭ᠎ᠠ ᠣᠯᠠᠨ ᠬᠦᠴᠦᠨ ᠵᠦᠢᠯ ᠲᠠᠢ ᠬᠤᠲᠠ ᠬᠥᠳᠡᠭᠡ ᠶᠢᠨ ᠲᠡᠦᠬᠡ | ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠬᠤᠲᠠ ᠬᠥᠳᠡᠭᠡ ᠶᠢᠨ ᠲᠡᠦᠬᠡ | ᠰᠣᠶᠣᠯ ᠤᠨ ᠥᠪ ᠢ ᠬᠠᠮᠠᠭᠠᠯᠠᠬᠤ ᠶᠣᠰᠣᠲᠠᠶ ᠶᠢ ᠨᠢ ᠴᠢᠳᠠᠬᠤ ᠶᠢᠨ ᠬᠢᠷᠢ ᠪᠠᠷ ᠬᠠᠮᠠᠭᠠᠯᠠᠬᠤ ᠶᠢ ᠦᠨᠳᠦᠰᠦᠨ ᠳᠡᠭᠡᠨ | ᠪᠡᠶᠡᠯᠡᠭᠦᠯᠵᠦ᠂ ᠨᠢᠭᠡ ᠪᠦᠯᠦᠭ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ ᠠᠰᠢᠬᠯᠠᠵᠤ ᠪᠣᠯᠬᠤᠶᠢᠴᠠ ᠠᠮᠢᠳᠤᠯᠢᠭ | ᠲᠤᠷᠰᠢᠯᠭ᠎ᠠ ᠶᠢ ᠪᠦᠷᠢᠯᠳᠦᠭᠦᠯᠵᠦ᠂ ᠪᠥᠲᠥᠭᠡᠨ ᠪᠠᠶᠢᠭᠤᠯᠤᠯᠲᠠ ᠶᠢᠨ ᠴᠢᠨᠠᠷᠲᠠᠶ ᠡᠪᠳᠡᠯᠡᠭᠡ ᠶᠢᠨ ᠠᠵᠢᠯᠯᠠᠭ᠎ᠠ ᠶᠢ ᠢᠯᠡᠳᠲᠡ | ᠬᠤᠷᠢᠬᠯᠠᠵᠤ᠂ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠳᠤ ᠠᠭᠤᠰᠤᠯᠴᠠᠭᠤᠯᠬᠤ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ | 2035 ᠤᠨ ᠪᠣᠯᠬᠤ ᠳᠤ᠂ ᠪᠦᠷᠢᠨ ᠪᠦᠲᠦᠨ ᠰᠢᠰᠲ᠋ᠧᠮ ᠲᠠᠢ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠬᠤᠲᠠ ᠬᠥᠳᠡᠭᠡ ᠶᠢᠨ ᠲᠡᠦᠬᠡ ᠰᠣᠶᠣᠯ ᠤᠨ ᠥᠪ ᠢ | ᠪᠦᠲᠦᠮᠵᠢᠲᠡᠶ ᠬᠠᠮᠠᠭᠠᠯᠠᠵᠤ᠂ ᠭᠦᠢᠴᠡᠳ ᠠᠰᠢᠬᠯᠠᠬᠤ ᠶᠢ ᠪᠡᠶᠡᠯᠡᠭᠦᠯᠦᠨ᠂ ᠡᠪᠳᠡᠬᠦ ᠵᠣᠷᠢᠭ ᠥᠬᠡᠶ᠂ ᠡᠪᠳᠡᠵᠦ ᠪᠣᠯᠬᠤ ᠥᠬᠡᠶ | ᠂ ᠡᠪᠳᠡᠬᠦ ᠶᠢ ᠪᠤᠳᠤᠬᠤ ᠥᠬᠡᠶ ᠪᠠᠶᠢᠭᠤᠯᠤᠯ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠠᠵᠢᠯ ᠢ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠶᠡᠭᠡ ᠲᠠᠯ᠎ᠠ ᠳᠤ ᠪᠥᠬᠦ ᠲᠠᠯ᠎ᠠ ᠪᠠᠷ ᠠᠭᠤᠰᠬᠠᠨ ᠣᠷᠣᠭᠤᠯᠵᠤ᠂ ᠠᠷᠠᠳ ᠣᠯᠠᠨ ᠤ ᠰᠣᠶᠣᠯ ᠤᠨ ᠤᠬᠠᠮᠰᠠᠷ ᠪᠠ ᠰᠣᠶᠣᠯ ᠤᠨ | ᠢᠲᠡᠭᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠶᠠᠷ᠂ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠪᠠᠶᠢᠭᠤᠯᠤᠨ᠎ᠠ | ︵ᠳᠥᠷᠪᠡ︶ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠦᠨᠳᠦᠰᠦᠨ ᠠᠭᠤᠯᠤᠭᠳᠠᠬᠤᠨ ᠢ ᠣᠨᠣᠪᠴᠢᠲᠠᠶ ᠡᠵᠡᠮᠳᠡᠨ᠎ᠡ᠃ | ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠪᠣᠯ ᠬᠠᠮᠠᠭᠠᠯᠠᠯᠳᠠ ᠶᠢᠨ ᠦᠨ᠎ᠡ | ᠦᠷᠳᠡᠭ ᠲᠠᠢ᠂ ᠠᠳᠠᠯᠢ ᠪᠤᠰᠤ ᠲᠡᠦᠬᠡᠨ ᠴᠠᠭ ᠦᠶ᠎ᠡ ᠶᠢᠨ ᠰᠣᠶᠣᠯ ᠤᠨ ᠦᠨ᠎ᠡ ᠥᠷᠲᠡᠭ ᠢ ᠠᠴᠢᠶᠠᠯᠠᠬᠰᠠᠨ ᠬᠤᠲᠠ᠂ | ᠲᠣᠰᠬᠤᠨ ᠪᠠᠯᠭᠠᠰᠤ ᠵᠡᠷᠭᠡ ᠶᠢᠨ ᠨᠡᠶᠢᠯᠡᠮᠡᠯ ᠬᠡᠯᠪᠡᠷᠢ᠂ ᠤᠷᠤᠰᠢᠬᠤᠢ ᠪᠦᠬᠦᠢ ᠰᠤᠶᠤᠯ ᠤᠨ ᠥᠪ ᠢᠶᠠᠷ ᠭᠤᠣᠯ ᠴᠣᠭᠴᠠ | ᠪᠣᠯᠭᠠᠬᠤ ᠪᠠ ᠲᠦᠰᠢᠭ ᠪᠣᠯᠭᠠᠪᠠ᠂ ᠬᠠᠮᠠᠭᠠᠯᠠᠬᠤ ᠡᠲᠡᠭᠡᠳ ᠨᠢ ᠭᠤᠣᠯᠳᠠᠭᠤ ᠲᠡᠦᠬᠡ ᠰᠣᠶᠣᠯ ᠤᠨ ᠨᠡᠷᠡᠲᠦ ᠬᠤᠲᠠ᠂ | ᠨᠡᠷᠡᠲᠦ ᠪᠠᠯᠭᠠᠰᠤ᠂ ᠨᠡᠷᠡᠲᠦ ᠲᠣᠰᠬᠤᠨ ︵ᠤᠯᠠᠮᠵᠢᠯᠠᠯᠲᠤ ᠲᠣᠰᠬᠤᠨ︶᠂ ᠵᠡᠭᠡᠯᠢ ᠲᠣᠭᠤᠷᠢᠭ ᠪᠠ ᠰᠢᠯᠵᠢᠭᠦᠯᠵᠦ ᠪᠣᠯᠤᠰᠢ | ᠦᠭᠡᠶ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠎ᠠ᠂ ᠲᠡᠦᠬᠡ ᠲᠠᠢ ᠭᠠᠵᠠᠷ ᠬᠡᠰᠡᠭ ᠪᠠᠶᠢᠵᠤ᠂ ᠠᠵᠤ | ᠦᠢᠯᠡᠳᠪᠦᠷᠢ ᠶᠢᠨ ᠥᠪ᠂ ᠲᠠᠷᠢᠶᠠᠯᠠᠩ ᠤᠨ ᠰᠣᠶᠣᠯ ᠤᠨ ᠥᠪ᠂ ᠤᠰᠤᠯᠠᠯᠲᠠ ᠶᠢᠨ ᠢᠨᠵᠧᠨᠧᠷᠢᠩ ᠤᠨ ᠥᠪ᠂ ᠪᠣᠳᠠᠰ ᠤᠨ | ᠪᠤᠰᠤ ᠰᠣᠶᠣᠯ ᠤᠨ ᠥᠪ᠂ ᠭᠠᠵᠠᠷ ᠤᠨ ᠨᠡᠷ᠎ᠡ ᠶᠢᠨ ᠰᠣᠶᠣᠯ ᠤᠨ ᠥᠪ ᠵᠡᠷᠭᠡ ᠶᠢᠨ ᠬᠠᠮᠠᠭᠠᠯᠠᠵᠤ ᠤᠯᠠᠮᠵᠢᠯᠠᠬᠤ ᠯᠤᠭ᠎ᠠ | ᠬᠠᠮᠲᠤᠪᠠᠷ ᠪᠦᠷᠢᠯᠳᠦᠭᠰᠡᠨ ᠣᠷᠭᠠᠨᠢᠭ ᠪᠦᠬᠦᠯᠢ ᠴᠣᠭᠴᠠ ᠪᠣᠯᠤᠨ᠎ᠠ᠃ ᠬᠤᠳᠠ ᠬᠥᠳᠡᠭᠡ ᠶᠢᠨ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠪᠠᠶᠢᠭᠤᠯᠬᠤ ᠶᠢᠨ ᠵᠣᠷᠢᠯᠭ᠎ᠠ ᠪᠣᠯ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢᠨ ᠳᠤᠮᠳᠠ ᠳᠤᠮᠳᠠᠳᠤ ᠤᠯᠤᠰ ᠤᠨ ᠡᠷᠲᠡᠨ ᠤ᠂ ᠤᠢᠢᠷ᠎ᠠ ᠤᠳᠤ ᠦᠶ᠎ᠡ ᠶᠢᠨ ᠲᠡᠦᠬᠡ ᠰᠣᠶᠣᠯ ᠤᠨ ᠥᠪ | ᠪᠠ ᠤᠳᠤ ᠦᠶ᠎ᠡ ᠶᠢᠨ ᠴᠢᠬᠤᠯᠠ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠰᠠᠶᠢᠲᠤᠷ | ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠦᠷᠭᠦᠯᠵᠢᠯᠡᠭᠰᠡᠨ ᠪᠣᠯᠪᠠᠰᠤᠨ ᠲᠡᠦᠬᠡ᠂ ᠳᠤᠮᠳᠠᠳᠤ | ᠤᠯᠤᠰ ᠤᠨ ᠤᠢᠢᠷ᠎ᠠ ᠤᠳᠤ ᠦᠶ᠎ᠡ ᠶᠢᠨ ᠲᠡᠦᠬᠡᠨ ᠠᠬᠢᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ | ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ | ᠥᠩᠭᠡᠷᠡᠯᠲᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠤᠯᠤᠭᠳᠠᠭᠰᠠᠨ ᠪᠠ ᠬᠥᠭᠵᠢᠭᠰᠡᠨ | ᠥᠩᠭᠡᠷᠡᠯᠲᠡ᠂ ᠥᠭᠡᠷᠡᠴᠢᠯᠡᠯᠲᠡ ᠨᠡᠭᠡᠭᠡᠯᠳᠠ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ | ᠠᠭᠤᠤ ᠶᠡᠭᠡ ᠠᠶᠠᠨ ᠢ ᠪᠦᠬᠦ ᠲᠠᠯ᠎ᠠ ᠪᠠᠷ ᠢᠯᠡᠷᠡᠭᠦᠯᠬᠦ ᠶᠢᠨ ᠲᠥᠯᠥᠭᠡ ᠶᠤᠮ᠃ | ︵ᠲᠠᠪᠤ︶ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠭᠤᠤᠯᠳᠠᠯᠭ᠎ᠠ ᠲᠠᠢ ᠡᠭᠦᠷᠭᠡ ᠶᠢ ᠱᠠᠲᠤ ᠬᠤᠪᠢᠶᠠᠨ | ᠨᠠᠶᠢᠳᠠᠪᠤᠷᠢᠵᠢᠭᠤᠯᠤᠨ᠎ᠠ᠃ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠭᠤᠷᠪᠠᠨ | ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠤᠯᠤᠰ᠂ ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠲᠣᠰ ᠲᠣᠰ ᠪᠥᠬᠦ ᠤᠯᠤᠰ ᠤᠨ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠰᠢᠰᠲ᠋ᠧᠮ ᠤᠨ ᠲᠥᠯᠥᠪᠵᠢᠭᠦᠯᠭᠡ ᠶᠢᠨ ᠬᠥᠲᠥᠯᠪᠦᠷᠢ ᠵᠢᠴᠢ ᠮᠤᠵᠢ ᠶᠢᠨ ᠱᠠᠲᠤᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠤᠯᠤᠰ ᠤᠨ ᠲᠠᠰ᠂ ᠮᠤᠵᠢ ᠶᠢᠨ ᠲᠠᠰ ᠤᠨ ᠬᠠᠮᠠᠭᠠᠯᠠᠬᠤ ᠡᠲᠡᠭᠡᠳ ᠤᠨ ᠬᠠᠮᠠᠭᠠᠯᠠᠯᠲᠠ ᠶᠢᠨ | ᠨᠡᠷᠡᠰ ᠪᠠ ᠲᠠᠷᠬᠠᠯᠲᠠ ᠶᠢᠨ ᠵᠢᠷᠤᠭ ᠢ ᠪᠠᠶᠢᠭᠤᠯᠵᠤ᠂ ᠬᠠᠮᠠᠭᠠᠯᠠᠬᠤ ᠬᠡᠪᠴᠢᠶ᠎ᠡ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ | ᠲᠣᠳᠣᠷᠬᠠᠶᠢᠯᠠᠨ᠂ ᠬᠠᠮᠢᠶ᠎ᠠ ᠪᠥᠬᠦᠶ ᠲᠥᠯᠥᠪᠵᠢᠭᠦᠯᠭᠡ ᠲᠠᠢ ᠰᠠᠶᠢᠲᠤᠷ ᠵᠣᠯᠭᠠᠭᠤᠯᠤᠨ᠎ᠠ᠃ ᠬᠤᠲᠠ ᠰᠢᠶᠠᠨ ᠨᠢ ᠤᠯᠤᠰ ᠪᠠ | ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠱᠠᠭᠠᠷᠳᠠᠯᠭ᠎ᠠ ᠶᠣᠰᠣᠭᠠᠷ᠂ ᠬᠠᠮᠠᠭᠠᠯᠠᠨ | ᠤᠯᠠᠮᠵᠢᠯᠠᠬᠤ ᠠᠵᠢᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠰᠢᠶᠠᠨ ᠤ ᠳᠡᠰ ᠤᠨ | ᠬᠠᠮᠠᠭᠠᠯᠠᠬᠤ ᠡᠲᠡᠭᠡᠳ ᠢ ᠲᠤᠭᠳᠠᠭᠠᠨ ᠨᠡᠶᠢᠲᠡᠯᠡᠬᠦ ᠶᠢ ᠲᠦᠷᠭᠡᠳᠬᠡᠨ᠂ ᠡᠯ᠎ᠡ ᠲᠥᠷᠥᠯ ᠤᠨ ᠬᠠᠮᠠᠭᠠᠯᠠᠬᠤ ᠡᠲᠡᠭᠡᠳ ᠲᠤ ᠴᠠᠭ | ᠲᠤᠬᠠᠶ ᠳᠤᠨᠢ ᠲᠡᠮᠳᠡᠭ ᠫᠠᠶᠢᠰᠠ ᠳᠣᠭᠢᠷᠠᠭᠤᠯᠵᠤ᠂ ᠲᠣᠭᠠᠴᠢᠯᠠᠭᠰᠠᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠮᠵᠢᠨ | ᠵᠢᠷᠤᠭᠯᠠᠵᠤ ᠲᠠᠩᠰᠠ ᠡᠪᠬᠡᠮᠡᠯ ᠪᠠᠶᠢᠭᠤᠯᠬᠤ ᠶᠢ ᠥᠷᠨᠢᠭᠦᠯᠦᠨ᠂ ᠲᠤᠰᠬᠠᠶ ᠵᠦᠢᠯ ᠤᠨ ᠬᠠᠮᠠᠭᠠᠯᠠᠬᠤ ᠲᠥᠰᠦᠯ ᠢ ᠨᠠᠶᠢᠷᠠᠭᠤᠯᠤᠨ | ᠵᠣᠬᠢᠶᠠᠵᠤ᠂ ᠬᠠᠮᠠᠭᠠᠯᠠᠵᠤ ᠤᠯᠠᠮᠵᠢᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠬᠠᠮᠠᠭᠠᠯᠠᠵᠤ ᠤᠯᠠᠮᠵᠢᠯᠠᠬᠤ ᠠᠵᠢᠯ ᠢ | ᠰᠠᠶᠢᠲᠤᠷ ᠬᠢᠬᠦ ᠬᠡᠷᠡᠭᠲᠡᠶ᠃ ᠴᠢᠬᠤᠯᠠ ᠬᠠᠮᠠᠭᠠᠯᠠᠬᠤ ᠦᠨ᠎ᠡ ᠥᠷᠲᠡᠭ ᠲᠠᠢ᠂ ᠣᠷᠣᠨ ᠨᠤᠲᠤᠭ ᠤᠨ ᠣᠷᠳᠣ | ᠬᠤᠭᠤᠴᠠᠭ᠎ᠠ ᠪᠠᠷ ᠥᠯᠥ ᠮᠡᠳᠡᠭᠦᠯᠦᠭᠰᠡᠨ ᠲᠡᠦᠬᠡ ᠰᠣᠶᠣᠯ ᠤᠨ ᠡᠬᠢ ᠪᠠᠶᠠᠯᠢᠭ ᠢ ᠬᠠᠮᠢᠶ᠎ᠠ ᠪᠥᠬᠦᠶ ᠪᠠᠷᠢᠮᠵᠢᠶ᠎ᠠ ᠪᠠᠷ | ᠬᠠᠮᠠᠭᠠᠯᠠᠬᠤ ᠨᠡᠷᠡᠰ ᠲᠤ ᠵᠢᠭᠰᠠᠭᠠᠨ ᠣᠷᠣᠭᠤᠯᠵᠤ ᠪᠣᠯᠤᠨ᠎ᠠ᠃ ᠭᠤᠷᠪᠠ᠂ ᠬᠠᠮᠠᠭᠠᠯᠠᠵᠤ ᠠᠰᠢᠬᠯᠠᠵᠤ ᠤᠯᠠᠮᠵᠢᠯᠠᠬᠤ ᠶᠢ | ᠴᠢᠩᠭᠠᠳᠬᠠᠨ᠎ᠠ | ︵ᠵᠢᠷᠭᠤᠭ᠎ᠠ︶ ᠬᠠᠮᠠᠭᠠᠯᠠᠯᠲᠠ ᠶᠢᠨ ᠭᠤᠣᠯᠳᠠᠯᠭ᠎ᠠ ᠶᠢ ᠲᠣᠳᠣᠷᠬᠠᠶᠢᠯᠠᠨ᠎ᠠ᠃ ᠡᠯ᠎ᠡ ᠲᠥᠷᠥᠯ ᠤᠨ ᠬᠠᠮᠠᠭᠠᠯᠠᠬᠤ | ᠡᠲᠡᠭᠡᠳ ᠤᠨ ᠬᠠᠮᠠᠭᠠᠯᠠᠯᠲᠠ ᠶᠢᠨ ᠬᠡᠪᠴᠢᠶ᠎ᠡ ᠪᠣᠯᠤᠨ ᠴᠢᠬᠤᠯᠠ ᠪᠦᠬᠦᠢ ᠪᠦᠲᠦᠭᠡᠨ ᠪᠠᠶᠢᠭᠤᠯᠤᠯᠲᠠ ᠬᠢᠬᠦ ᠶᠢ ᠬᠢᠵᠠᠭᠠᠷᠯᠠᠬᠤ | ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠭᠠᠵᠠᠷ ᠳᠣᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠪᠤᠯᠠᠭᠳᠠᠵᠤ | ᠪᠠᠶᠢᠭ᠎ᠠ ᠣᠷᠣᠨ ᠢ ᠬᠤᠪᠢᠶᠠᠷᠢᠯᠠᠨ ᠲᠣᠭᠲᠠᠭᠠᠵᠤ᠂ ᠬᠠᠮᠠᠭᠠᠯᠠᠬᠤ ᠭᠤᠣᠯᠳᠠᠯᠭ᠎ᠠ ᠪᠣᠯᠤᠨ ᠬᠠᠮᠠᠭᠠᠯᠠᠬᠤ ᠱᠠᠭᠠᠷᠳᠠᠯᠭ᠎ᠠ ᠶᠢ | ᠲᠣᠳᠣᠷᠬᠠᠶᠢᠯᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠵᠢᠴᠢ ᠡᠷᠭᠢᠨ ᠲᠣᠭᠤᠷᠢᠨ ᠤ ᠣᠷᠴᠢᠨ | ᠲᠣᠭᠤᠷᠢᠨ ᠢ ᠬᠠᠮᠠᠭᠠᠯᠠᠵᠤ᠂ ᠤᠭ ᠪᠠᠭᠤᠷᠢ ᠶᠢ ᠬᠠᠮᠠᠭᠠᠯᠠᠬᠤ ᠶᠢ ᠶᠡᠭᠡ ᠪᠠᠷ ᠬᠡᠷᠡᠭᠵᠢᠭᠦᠯᠵᠦ᠂ ᠰᠡᠷᠭᠡᠶᠢᠯᠡᠬᠦ ᠴᠢᠨᠠᠷᠲᠠᠶ ᠪᠠᠷ | ᠬᠠᠮᠠᠭᠠᠯᠠᠬᠤ᠂ ᠡᠳᠦᠷ ᠲᠤᠲᠤᠮ ᠠᠷᠠᠴᠢᠯᠠᠨ ᠬᠠᠮᠠᠭᠠᠯᠠᠬᠤ ᠪᠠ ᠬᠠᠮᠠᠭᠠᠯᠠᠨ ᠰᠡᠯᠪᠢᠨ ᠵᠠᠰᠠᠬᠤ ᠶᠢ ᠴᠢᠩᠭᠠᠳᠬᠠᠨ᠎ᠠ᠃ ᠠᠳᠠᠯᠢ | ᠪᠤᠰᠤ ᠴᠠᠭ ᠦᠶ᠎ᠡ᠂ ᠠᠳᠠᠯᠢ ᠪᠤᠰᠤ ᠲᠥᠷᠥᠯ ᠬᠡᠯᠪᠡᠷᠢ ᠶᠢᠨ ᠲᠡᠦᠬᠡᠨ ᠪᠠᠷᠢᠯᠭ᠎ᠠ ᠶᠢ ᠬᠠᠮᠠᠭᠠᠯᠠᠵᠤ᠂ ᠲᠡᠭᠦᠨ ᠤ ᠭᠤᠤᠯᠯᠠᠬᠤ | ᠥᠷᠲᠡᠭ ᠢ ᠢᠯᠡᠷᠡᠭᠦᠯᠦᠭᠰᠡᠨ ᠭᠠᠳᠠᠷ ᠳᠦᠷᠰᠦ᠂ ᠪᠦᠲᠦᠴᠡ ᠪᠠ ᠲᠣᠨᠣᠭᠯᠠᠭᠠᠰᠤ ᠵᠡᠷᠭᠡ ᠶᠢ ᠭᠤᠤᠯᠳᠠᠯᠭ᠎ᠠ ᠲᠠᠢ ᠬᠠᠮᠠᠭᠠᠯᠠᠵᠤ᠂ | ᠴᠠᠭ ᠲᠤᠬᠠᠶ ᠳᠤᠨᠢ ᠪᠠᠬᠢᠵᠢᠭᠦᠯᠦᠨ ᠵᠠᠰᠠᠵᠤ᠂ ᠠᠮᠤᠷ ᠲᠦᠪᠰᠢᠨ ᠤ ᠭᠡᠮ ᠰᠤᠭᠤᠭ ᠢ ᠠᠷᠢᠯᠭᠠᠨ᠎ᠠ᠃ ᠵᠣᠬᠢᠬᠤ ᠲᠡᠦᠬᠡᠨ | ᠴᠠᠭ ᠦᠶ᠎ᠡ ᠶᠢᠨ ᠤᠯᠠᠮᠵᠢᠯᠠᠯᠲᠤ ᠳᠦᠷᠰᠦ ᠪᠠᠶᠢᠳᠠᠯ ᠪᠠ ᠦᠨᠳᠦᠰᠦᠲᠡᠨ᠂ ᠣᠷᠣᠨ ᠨᠤᠲᠤᠭ ᠤᠨ ᠣᠨᠴᠠᠯᠢᠭ ᠢ ᠦᠨᠡᠨ | ᠪᠣᠳᠠᠲᠠᠢ ᠪᠠᠷ ᠲᠤᠰᠬᠠᠵᠤ ᠴᠢᠳᠠᠬᠤ ᠲᠡᠦᠬᠡ ᠲᠠᠢ ᠭᠠᠵᠠᠷ ᠬᠡᠰᠡᠭ ᠢ ᠬᠠᠮᠠᠭᠠᠯᠠᠨ᠎ᠠ᠃ ᠲᠡᠦᠬᠡ ᠰᠣᠶᠣᠯ ᠤᠨ ᠵᠡᠭᠡᠯᠢ | ᠲᠣᠭᠤᠷᠢᠭ ᠤᠨ ᠲᠡᠦᠬᠡ ᠶᠢᠨ ᠤᠯᠠ ᠮᠦᠷ᠂ ᠲᠡᠦᠬᠡ ᠶᠢᠨ ᠵᠡᠭᠡᠯᠢ ᠭᠤᠳᠤᠮᠵᠢ᠂ ᠣᠷᠣᠨ ᠵᠠᠶ ᠶᠢᠨ ᠬᠡᠮᠵᠢᠶ᠎ᠡ ᠪᠣᠯᠤᠨ | ᠦᠵᠡᠮᠵᠢ ᠶᠢᠨ ᠣᠷᠴᠢᠨ ᠲᠣᠭᠤᠷᠢᠨ ᠵᠢᠴᠢ ᠡᠷᠲᠡᠨ ᠤ ᠬᠤᠳᠳᠤᠭ᠂ ᠡᠷᠲᠡᠨ ᠤ ᠬᠥᠭᠦᠷᠭᠡ᠂ ᠡᠷᠲᠡᠨ ᠤ ᠮᠣᠳᠣ ᠵᠡᠷᠭᠡ | ᠣᠷᠴᠢᠨ ᠲᠣᠭᠤᠷᠢᠨ ᠤ ᠡᠯᠧᠮᠧᠨ᠋ᠲ ᠢ ᠬᠠᠮᠠᠭᠠᠯᠠᠵᠤ᠂ ᠵᠣᠬᠢᠴᠠᠩᠭᠤᠶ ᠪᠤᠰᠤ ᠪᠠᠷᠢᠯᠭ᠎ᠠ ᠪᠣᠯᠤᠨ ᠦᠵᠡᠮᠵᠢ ᠶᠢ ᠴᠡᠭᠴᠡᠯᠡᠨ | ᠵᠠᠰᠠᠵᠤ᠂ ᠲᠡᠦᠬᠡ ᠶᠢᠨ ᠳᠦᠷᠰᠦ ᠪᠠᠶᠢᠳᠠᠯ ᠢ ᠦᠷᠭᠦᠯᠵᠢᠯᠡᠭᠦᠯᠦᠨ᠎ᠠ᠃ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ | ᠪᠠᠯᠭᠠᠰᠤ᠂ ᠨᠡᠷᠡᠲᠦ ᠲᠣᠰᠬᠤᠨ ︵ᠤᠯᠠᠮᠵᠢᠯᠠᠯᠲᠤ ᠲᠣᠰᠬᠤᠨ︶ ᠤ ᠤᠯᠠᠮᠵᠢᠯᠠᠯᠲᠤ ᠪᠠᠶᠢᠷᠢᠰᠢᠯ᠂ ᠲᠡᠦᠬᠡ ᠶᠢᠨ ᠳᠦᠷᠰᠦ | ᠪᠠᠶᠢᠳᠠᠯ᠂ ᠰᠤᠶᠤᠯ ᠢᠷᠭᠡᠨᠰᠢᠯ ᠤᠨ ᠣᠷᠴᠢᠨ ᠲᠣᠭᠤᠷᠢᠨ ᠵᠢᠴᠢ ᠲᠦᠰᠢᠭᠯᠡᠨ ᠣᠷᠣᠰᠢᠵᠤ ᠪᠦᠬᠦᠢ ᠭᠠᠵᠠᠷ ᠤᠨ ᠪᠠᠶᠢᠴᠠ | ᠭᠠᠵᠠᠷ ᠤᠨ ᠭᠠᠳᠠᠷᠭᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ ᠵᠡᠷᠭᠡ ᠪᠠᠶᠢᠭᠠᠯᠢ ᠶᠢᠨ ᠦᠵᠡᠮᠵᠢ ᠶᠢᠨ | ᠣᠷᠴᠢᠨ ᠲᠣᠭᠤᠷᠢᠨ ᠢ ᠬᠠᠮᠠᠭᠠᠯᠠᠵᠤ᠂ ᠪᠦᠬᠦᠯᠢ ᠴᠣᠭᠴᠠ ᠪᠠᠷ ᠬᠠᠮᠠᠭᠠᠯᠠᠬᠤ ᠶᠢ ᠴᠢᠬᠤᠯᠠᠴᠢᠯᠠᠨ᠂ ᠤᠯᠠᠮᠵᠢᠯᠠᠯᠳᠤ ᠪᠦᠲᠦᠭᠡᠨ | ᠪᠠᠶᠢᠭᠤᠯᠤᠬᠰᠠᠨ ᠣᠶᠤᠨ ᠤᠬᠠᠭᠠᠨ ᠢ ᠤᠯᠠᠮᠵᠢᠯᠠᠨ᠎ᠠ᠃ ᠪᠣᠳᠠᠰ ᠤᠨ ᠪᠤᠰᠤ ᠰᠣᠶᠣᠯ ᠤᠨ ᠥᠪ ᠵᠢᠴᠢ ᠲᠡᠭᠦᠨ ᠤ ᠲᠦᠰᠢᠭᠯᠡᠨ | ᠣᠷᠣᠰᠢᠵᠤ ᠪᠠᠶᠢᠭ᠎ᠠ ᠰᠣᠶᠣᠯ ᠤᠨ ᠠᠮᠢ ᠠᠬᠤᠶ ᠶᠢ ᠬᠠᠮᠠᠭᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮ ᠤᠨ | ᠴᠢᠳᠠᠮᠵᠢ ᠪᠣᠯᠤᠨ ᠣᠳᠣ ᠦᠶ᠎ᠡ ᠶᠢᠨ ᠥᠷᠲᠡᠭ ᠢ ᠪᠠᠳᠠᠷᠠᠭᠤᠯᠤᠨ᠎ᠠ᠃ | ︵ᠳᠣᠯᠤᠭ᠎ᠠ︶ ᠨᠤᠷᠠᠭᠠᠬᠤ ᠬᠠᠮᠢᠶᠠᠷᠤᠯᠲᠠ ᠶᠢ ᠴᠢᠩᠳᠠᠯᠠᠨ᠎ᠠ᠃ ᠬᠤᠲᠠ ᠶᠢ ᠰᠢᠨᠡᠳᠬᠡᠨ ᠵᠠᠰᠠᠬᠤ ᠳᠤᠮᠳᠠ ᠶᠡᠭᠡ ᠪᠠᠷ | ᠨᠤᠷᠠᠭᠠᠵᠤ ᠶᠡᠭᠡ ᠪᠠᠷ ᠪᠠᠶᠢᠭᠤᠯᠬᠤ᠂ ᠦᠨᠡᠨ ᠢ ᠨᠤᠷᠠᠭᠠᠵᠤ ᠬᠠᠭᠤᠷᠮᠠᠭ ᠢᠶᠠᠷ ᠪᠠᠶᠢᠭᠤᠯᠬᠤ᠂ ᠬᠤᠳᠠᠯ ᠢᠶᠠᠷ ᠦᠨᠡᠨ ᠢ | ᠰᠠᠮᠠᠭᠤᠷᠠᠭᠤᠯᠬᠤ ᠶᠢ ᠴᠠᠭᠠᠵᠠᠯᠠᠵᠤ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢ ᠡᠪᠳᠡᠬᠦ ᠥᠬᠡᠶ᠂ ᠬᠠᠭᠤᠴᠢᠨ | ᠮᠣᠳᠣ ᠶᠢ ᠣᠭᠲᠣᠯᠬᠤ ᠥᠬᠡᠶ᠂ ᠤᠯᠠᠮᠵᠢᠯᠠᠯᠲᠤ ᠳᠦᠷᠰᠦ ᠪᠠᠶᠢᠳᠠᠯ ᠢ ᠡᠪᠳᠡᠬᠦ ᠥᠬᠡᠶ᠂ ᠭᠤᠤᠯ ᠮᠥᠷᠡᠨ ᠨᠠᠭᠤᠷ | ᠴᠥᠭᠦᠷᠥᠮ ᠤᠨ ᠤᠰᠤᠨ ᠰᠢᠰᠲ᠋ᠧᠮ ᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠡᠵᠡᠯᠡᠬᠦ ᠥᠬᠡᠶ᠂ ᠬᠠᠭᠤᠴᠢᠨ ᠭᠠᠵᠠᠷ ᠤᠨ | ᠨᠡᠷᠡᠶᠢᠳᠦᠯ ᠢ ᠳᠤᠷ᠎ᠠ ᠪᠠᠷ ᠢᠶᠠᠨ ᠥᠭᠡᠷᠡᠴᠢᠯᠡᠬᠦ ᠥᠬᠡᠶ ᠪᠠᠶᠢᠬᠤ ᠬᠡᠷᠡᠭᠲᠡᠶ᠃ ᠬᠤᠲᠠ ᠶᠢᠨ ᠣᠨᠴᠠ ᠲᠣᠭᠲᠠᠭᠰᠠᠨ | ᠬᠥᠭᠵᠢᠯᠲᠡ ᠶᠢᠨ ᠱᠠᠲᠤ ᠦᠶ᠎ᠡ ᠶᠢ ᠬᠠᠷᠠᠭᠤᠯᠬᠤ᠂ ᠴᠢᠬᠤᠯᠠ ᠲᠡᠦᠬᠡᠨ ᠬᠡᠷᠡᠭ ᠢ ᠲᠤᠰᠬᠠᠬᠤ᠂ ᠨᠡᠶᠢᠭᠡᠮ ᠤᠨ ᠨᠡᠶᠢᠲᠡ | ᠣᠯᠠᠨ ᠤ ᠬᠠᠶᠢᠷ᠎ᠠ ᠰᠡᠳᠬᠢᠯᠭᠡ ᠳᠤᠷᠠᠰᠤᠮᠵᠢ ᠶᠢ ᠨᠢᠭᠲᠠᠷᠠᠭᠤᠯᠵᠤ ᠳᠡᠶᠢᠯᠬᠦ ᠨᠢᠭᠡᠨᠲᠡ ᠪᠠᠶᠢᠭ᠎ᠠ ᠪᠠᠷᠢᠯᠭ᠎ᠠ ᠶᠢ ᠦᠨᠡᠨ ᠬᠦ | ᠬᠠᠮᠠᠭᠠᠯᠠᠵᠤ᠂ ᠬᠠᠮᠠᠭᠠᠯᠠᠯᠳᠠ ᠶᠢᠨ ᠦᠨ᠎ᠡ ᠥᠷᠲᠡᠭ ᠲᠠᠢ ᠬᠠᠭᠤᠴᠢᠨ ᠪᠠᠷᠢᠯᠭ᠎ᠠ᠂ ᠡᠷᠲᠡᠨ ᠤ ᠠᠷᠠᠳ ᠤᠨ ᠣᠷᠣᠨ | ᠰᠠᠭᠤᠴᠠ ᠶᠢ ᠳᠤᠷ᠎ᠠ ᠪᠠᠷ ᠢᠶᠠᠨ ᠨᠤᠷᠠᠭᠠᠵᠤ ᠪᠤᠯᠬᠤ ᠦᠭᠡᠢ᠃ ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠪᠤᠶᠤ | ᠠᠮᠤᠷ ᠲᠦᠪᠰᠢᠨ ᠤ ᠭᠡᠮ ᠰᠤᠭᠤᠭ ᠣᠷᠣᠰᠢᠵᠤ ᠪᠠᠶᠢᠬᠤ ᠠᠴᠠ ᠪᠣᠯᠵᠤ ᠠᠷᠭ᠎ᠠ ᠪᠤᠰᠤ ᠨᠤᠷᠠᠭᠠᠬᠤ ᠴᠢᠬᠤᠯᠠᠳᠠᠢ ᠪᠤᠯ ᠦᠨᠡᠯᠡᠨ | ᠵᠢᠱᠢᠵᠦ ᠨᠤᠲᠠᠯᠠᠯᠲᠠ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠣᠯᠠᠨ ᠨᠡᠶᠢᠲᠡ ᠶᠢᠨ ᠰᠠᠨᠠᠯ ᠢ ᠥᠷᠭᠡᠨ ᠢᠶᠠᠷ | ᠰᠣᠨᠣᠰᠬᠤ ᠬᠡᠷᠡᠭᠲᠡᠶ᠃ | ︵ᠨᠠᠢᠮᠠ︶ ᠠᠮᠢᠳᠤᠯᠢᠭᠵᠢᠭᠤᠯᠤᠨ ᠠᠰᠢᠬᠯᠠᠬᠤ ᠶᠢ ᠠᠬᠢᠭᠤᠯᠤᠨ᠎ᠠ᠃ ᠬᠡᠷᠡᠭᠯᠡᠬᠦ ᠪᠠᠷ ᠳᠠᠮᠵᠢᠨ ᠬᠠᠮᠠᠭᠠᠯᠠᠬᠤ ᠶᠢ | ᠪᠠᠷᠢᠮᠲᠠᠯᠠᠵᠤ᠂ ᠲᠡᠦᠬᠡ ᠰᠣᠶᠣᠯ ᠤᠨ ᠥᠪ ᠢ ᠪᠦᠲᠦᠮᠵᠢᠲᠡᠶ ᠠᠰᠢᠬᠯᠠᠬᠤ ᠳᠤᠮᠳᠠ ᠬᠤᠲᠠ ᠪᠠ ᠬᠥᠳᠡᠭᠡ ᠲᠣᠰᠬᠤᠨ ᠤ | ᠥᠪᠡᠷᠮᠢᠴᠡ ᠣᠨᠴᠠᠯᠢᠭ ᠪᠥᠬᠦᠶ ᠢᠯᠡᠷᠬᠡᠶᠢᠯᠡᠯ ᠲᠡᠮᠳᠡᠭ ᠪᠠ ᠣᠯᠠᠨ ᠨᠡᠶᠢᠲᠡ ᠶᠢᠨ ᠴᠠᠭ ᠦᠶ᠎ᠡ ᠶᠢᠨ ᠳᠤᠷᠠᠳᠬᠠᠯ ᠪᠣᠯᠭᠠᠵᠤ᠂ | ᠲᠡᠦᠬᠡ ᠰᠣᠶᠣᠯ ᠪᠠ ᠣᠲᠣ ᠦᠶ᠎ᠡ ᠶᠢᠨ ᠠᠮᠢᠳᠤᠷᠠᠯ ᠢ ᠨᠢᠭᠡ ᠴᠣᠭᠴᠠᠵᠢᠭᠤᠯᠤᠨ᠂ ᠥᠨᠢᠳᠡ ᠤᠯᠠᠮᠵᠢᠯᠠᠨ ᠵᠠᠯᠭᠠᠮᠵᠢᠯᠠᠬᠤ ᠶᠢ | ᠪᠡᠶᠡᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠴᠢᠯᠥᠭᠡᠲᠡᠶ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ | ᠪᠦᠷᠢᠯᠳᠦᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠷᠢᠯᠭ᠎ᠠ ᠶᠢ ᠮᠦᠽᠧᠶ᠂ ᠳᠡᠯᠭᠡᠨ ᠦᠵᠡᠭᠦᠯᠬᠦ ᠣᠷᠳᠣᠨ | ᠵᠡᠷᠭᠡ ᠣᠯᠠᠨ ᠨᠡᠶᠢᠲᠡ ᠶᠢᠨ ᠰᠣᠶᠣᠯ ᠤᠨ ᠲᠦᠬᠦᠭᠡᠷᠦᠮᠵᠢ ᠪᠣᠯᠭᠠᠨ᠎ᠠ᠃ ᠲᠡᠦᠬᠡ ᠶᠢᠨ ᠪᠠᠷᠢᠯᠭ᠎ᠠ᠂ ᠠᠵᠤ ᠦᠢᠯᠡᠳᠪᠦᠷᠢ ᠶᠢᠨ | ᠥᠪ ᠢ ᠠᠮᠢᠳᠤᠯᠢᠭᠵᠢᠭᠤᠯᠤᠨ ᠠᠰᠢᠬᠯᠠᠵᠤ᠂ ᠤᠤᠯ ᠤᠨ ᠳᠦᠷᠰᠦ ᠪᠠᠶᠢᠳᠠᠯ᠂ ᠨᠡᠶᠢᠲᠡᠯᠢᠭ ᠲᠣᠨᠣᠭᠯᠠᠭᠠᠰᠤ ᠶᠢ ᠪᠠᠲᠤᠯᠠᠭᠰᠠᠨ | ᠰᠠᠭᠤᠷᠢᠨ ᠳᠡᠭᠡᠷ᠎ᠡ᠂ ᠨᠡᠮᠡᠵᠦ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠲᠦᠬᠦᠭᠡᠷᠦᠮᠵᠢ ᠨᠡᠮᠡᠬᠦ ᠵᠡᠷᠭᠡ ᠠᠷᠭ᠎ᠠ ᠪᠠᠷ | ᠳᠠᠮᠵᠢᠭᠤᠯᠤᠨ ᠣᠳᠣ ᠦᠶ᠎ᠡ ᠶᠢᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠳᠤ ᠲᠣᠬᠢᠷᠠᠯᠴᠠᠭᠤᠯᠤᠨ᠎ᠠ᠃ | ᠲᠠᠷᠢᠶᠠᠯᠠᠩ ᠤᠨ ᠰᠣᠶᠣᠯ ᠤᠨ ᠥᠪ᠂ ᠤᠰᠤᠯᠠᠯᠲᠠ ᠶᠢᠨ ᠢᠨᠵᠧᠨᠧᠷᠢᠩ ᠤᠨ ᠥᠪ ᠤᠨ ᠬᠠᠮᠠᠭᠠᠯᠠᠯᠲᠠ ᠪᠠ ᠬᠥᠭᠵᠢᠯᠲᠡ ᠶᠢᠨ | ᠠᠷᠭ᠎ᠠ ᠵᠠᠮ ᠢ ᠰᠦᠪᠡᠭᠴᠢᠯᠡᠵᠦ᠂ ᠠᠮᠢ ᠠᠬᠤᠶ ᠶᠢᠨ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ | ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠪᠣᠳᠠᠰ ᠤᠨ ᠪᠤᠰᠤ ᠰᠣᠶᠣᠯ ᠤᠨ | ᠥᠪ ᠢ ᠵᠦᠢ ᠵᠣᠬᠢᠰᠲᠠᠢ ᠠᠰᠢᠬᠯᠠᠬᠤ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠳᠤ ᠦᠶ᠎ᠡ ᠶᠢᠨ | ᠦᠢᠯᠡᠳᠪᠦᠷᠢᠯᠡᠯ ᠠᠮᠢᠳᠤᠷᠠᠯ ᠳᠤ ᠠᠭᠤᠰᠤᠨ ᠣᠷᠣᠬᠤ ᠶᠢ ᠠᠬᠢᠭᠤᠯᠤᠨ᠎ᠠ᠃ | ︵ᠶᠢᠰᠦ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠤᠨ᠎ᠠ᠃ ᠬᠤᠲᠠ ᠬᠥᠳᠡᠭᠡ ᠶᠢᠨ | ᠣᠷᠣᠨ ᠵᠠᠶ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠰᠢᠨ᠎ᠡ ᠬᠤᠲᠠ ᠪᠣᠯᠤᠨ ᠬᠠᠭᠤᠴᠢᠨ ᠬᠤᠲᠠ ᠶᠢᠨ | ᠬᠠᠷᠢᠴᠠᠭ᠎ᠠ ᠶᠢ ᠵᠤᠬᠢᠰᠳᠠᠢ ᠰᠢᠢᠳᠪᠦᠷᠢᠯᠡᠵᠦ᠂ ᠬᠠᠭᠤᠴᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠲᠠᠴᠠ ᠪᠣᠯᠤᠨ | ᠬᠦᠴᠦᠯᠡᠴᠡ ᠶᠢ ᠵᠦᠢ ᠵᠣᠬᠢᠰᠲᠠᠶ ᠲᠣᠭᠲᠠᠭᠠᠨ᠂ ᠰᠢᠨᠵᠢᠯᠡᠬᠦ ᠤᠬᠠᠭᠠᠨᠴᠢ ᠪᠠᠷ ᠨᠤᠲᠠᠯᠠᠭᠰᠠᠨ ᠤ ᠳᠠᠷᠠᠭ᠎ᠠ᠂ ᠲᠡᠦᠬᠡ | ᠰᠣᠶᠣᠯ ᠤᠨ ᠬᠠᠮᠠᠭᠠᠯᠠᠵᠤ ᠤᠯᠠᠮᠵᠢᠯᠠᠬᠤ ᠯᠤᠭ᠎ᠠ ᠲᠣᠬᠢᠷᠠᠯᠴᠠᠬᠤ ᠦᠭᠡᠶ ᠠᠵᠤ ᠦᠢᠯᠡᠳᠪᠦᠷᠢ᠂ ᠬᠥᠮᠥᠷᠭᠡᠯᠡᠨ ᠬᠠᠳᠠᠭᠠᠯᠠᠬᠤ᠂ | ᠪᠠᠷᠠᠭ᠎ᠠ ᠶᠢᠨ ᠭᠦᠢᠯᠭᠡᠭᠡᠨ᠂ ᠣᠷᠣᠨ ᠪᠦᠰᠡ ᠶᠢᠨ ᠴᠢᠨᠠᠷᠲᠠᠶ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ | ᠬᠤᠲᠠ ᠶᠢᠨ ᠴᠢᠳᠠᠮᠵᠢ ᠶᠢ ᠠᠯᠬᠤᠮ ᠠᠯᠬᠤᠮ ᠢᠶᠠᠷ ᠲᠠᠷᠬᠠᠭᠠᠨ᠎ᠠ᠃ ᠦᠯᠡᠳᠡᠭᠡᠬᠦ ᠥᠭᠡᠷᠡᠴᠢᠯᠡᠬᠦ ᠨᠤᠷᠠᠭᠠᠬᠤ ᠶᠢ ᠵᠡᠷᠭᠡ ᠪᠠᠷ | ᠠᠳᠬᠤᠬᠤ᠂ ᠦᠯᠡᠳᠡᠭᠡᠵᠦ ᠬᠠᠮᠠᠭᠠᠯᠠᠬᠤ ᠪᠠᠷ ᠭᠤᠣᠯ ᠪᠣᠯᠭᠠᠬᠤ ᠵᠠᠷᠴᠢᠮ ᠶᠣᠰᠣᠭᠠᠷ᠂ ᠬᠤᠲᠠ ᠶᠢᠨ ᠠᠮᠢ ᠠᠬᠤᠢ ᠶᠢ ᠵᠠᠰᠠᠨ | ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢ | ᠯᠠᠪᠳᠠᠭᠤᠨ ᠢᠶᠠᠷ ᠠᠬᠢᠭᠤᠯᠤᠨ᠎ᠠ᠃ ᠭᠤᠤᠯᠳᠠᠯᠭ᠎ᠠ ᠲᠠᠢ ᠭᠠᠵᠠᠷ ᠬᠡᠰᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠬᠠᠮᠢᠶᠠᠷᠤᠨ ᠡᠵᠡᠮᠳᠡᠬᠦ ᠪᠠ ᠪᠠᠷᠢᠯᠭ᠎ᠠ᠂ ᠱᠤᠭᠤᠮᠠᠯ ᠢ ᠵᠢᠷᠤᠵᠤ ᠲᠥᠯᠥᠪᠯᠡᠬᠦ ᠶᠢ ᠬᠥᠲᠥᠯᠥᠨ ᠵᠢᠯᠣᠭᠤᠳᠬᠤ ᠶᠢ ᠴᠢᠩᠭᠠᠳᠬᠠᠵᠤ | ᠂ ᠤᠯᠠᠮᠵᠢᠯᠠᠯᠲᠤ ᠰᠣᠶᠣᠯ ᠤᠨ ᠭᠧᠨ ᠢ ᠰᠠᠶᠢᠲᠤᠷ ᠬᠠᠮᠠᠭᠠᠯᠠᠨ᠂ ᠤᠯᠠᠮᠵᠢᠯᠠᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ | ᠬᠤᠲᠠ ᠶᠢᠨ ᠣᠨᠴᠠᠯᠢᠭ ᠢ ᠢᠯᠡᠷᠡᠭᠦᠯᠦᠨ᠂ ︽ᠮᠢᠩᠭᠠᠨ ᠬᠤᠲᠠ ᠨᠢᠭᠡ ᠯᠠ ᠠᠳᠠᠯᠢ᠂ ᠲᠦᠮᠡᠨ ᠠᠰᠠᠷ ᠨᠢᠭᠡ ᠯᠡ ᠳᠦᠷᠢ ᠲᠠᠢ | ᠪᠠᠶᠢᠬᠤ ᠠᠴᠠ ᠵᠠᠶᠢᠯᠠᠰᠬᠢᠨ᠎ᠡ᠃ ᠲᠡᠦᠬᠡ ᠰᠣᠶᠣᠯ ᠤᠨ ᠵᠡᠭᠡᠯᠢ ᠲᠣᠭᠤᠷᠢᠭ ᠪᠠ ᠲᠡᠦᠬᠡ ᠶᠢᠨ ᠭᠠᠵᠠᠷ ᠬᠡᠰᠡᠭ ᠲᠤ ᠲᠦᠰᠢᠭᠯᠡᠨ | ᠰᠣᠶᠣᠯ ᠤᠨ ᠦᠵᠡᠭᠦᠯᠭᠡ᠂ ᠤᠯᠠᠮᠵᠢᠯᠠᠯᠲᠤ ᠣᠷᠣᠨ ᠰᠠᠭᠤᠴᠠ᠂ ᠣᠨᠴᠠᠯᠢᠭᠲᠤ ᠬᠤᠳᠠᠯᠳᠤᠭ᠎ᠠ᠂ ᠰᠡᠯᠡᠭᠦᠴᠡᠨ ᠤᠢᠢᠯᠠᠭᠠᠬᠤ | ᠵᠡᠷᠭᠡ ᠣᠨᠴᠠᠭᠠᠢ ᠴᠢᠳᠠᠮᠵᠢᠲᠤ ᠣᠷᠣᠨ ᠢ ᠪᠦᠲᠦᠭᠡᠨ ᠪᠠᠶᠢᠭᠤᠯᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ | ᠬᠤᠲᠠ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ ︽ᠬᠤᠸᠠᠷ ᠬᠠᠳᠬᠤᠬᠤ︾᠂ ︽ᠨᠡᠬᠡᠬᠦ ᠨᠥᠬᠦᠬᠦ︾ ᠵᠡᠷᠭᠡ | ᠵᠢᠵᠢᠭ ᠥᠭᠡᠷᠡᠴᠢᠯᠡᠯᠲᠡ ᠶᠢᠨ ᠠᠷᠭ᠎ᠠ ᠮᠠᠶ᠋ᠢᠭ ᠢ ᠬᠡᠷᠡᠭᠯᠡᠨ᠂ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ | ᠨᠠᠷᠠᠲᠤ ᠲᠣᠰᠬᠤᠨ ︵ᠤᠯᠠᠮᠵᠢᠯᠠᠯᠲᠤ ᠲᠣᠰᠬᠤᠨ︶᠂ ᠵᠡᠭᠡᠯᠢ ᠲᠣᠭᠤᠷᠢᠭ ᠪᠠ ᠲᠡᠦᠬᠡ ᠶᠢᠨ ᠭᠠᠵᠠᠷ ᠬᠡᠰᠡᠭ ᠤᠨ ᠣᠯᠠᠨ | ᠨᠡᠶᠢᠲᠡ ᠶᠢᠨ ᠨᠡᠭᠡᠭᠡᠯᠲᠡ ᠶᠢᠨ ᠣᠷᠣᠨ ᠵᠠᠶ ᠶᠢ ᠨᠡᠮᠡᠭᠳᠡᠭᠦᠯᠵᠦ᠂ ᠢᠵᠢ ᠲᠥᠬᠦᠷᠵᠢᠭᠦᠯᠬᠦ ᠰᠠᠭᠤᠷᠢ ᠲᠦᠬᠦᠭᠡᠷᠦᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠳᠤᠲᠠᠭᠤᠳᠠᠯ ᠢ ᠭᠦᠢᠴᠡᠳ ᠨᠥᠬᠦᠪᠥᠷᠢᠯᠡᠨ᠎ᠡ᠃ ᠣᠯᠠᠨ ᠵᠦᠢᠯ ᠤᠨ | ᠬᠡᠯᠪᠡᠷᠢ ᠮᠠᠶ᠋ᠢᠭ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠦᠯ ᠲᠣᠭᠲᠠᠭᠠᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ | ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠲᠡᠦᠬᠡ ᠰᠣᠶᠣᠯ ᠤᠨ ᠨᠡᠷᠡᠲᠦ ᠬᠤᠲᠠ᠂ | ᠨᠡᠷᠡᠲᠦ ᠪᠠᠯᠭᠠᠰᠤ᠂ ᠨᠡᠷᠡᠲᠦ ᠲᠣᠰᠬᠤᠨ ︵ᠤᠯᠠᠮᠵᠢᠯᠠᠯᠲᠤ ᠲᠣᠰᠬᠤᠨ︶᠂ ᠵᠡᠭᠡᠯᠢ ᠲᠣᠭᠤᠷᠢᠭ ᠪᠣᠯᠤᠨ ᠲᠡᠦᠬᠡ ᠶᠢ ᠭᠠᠵᠠᠷ | ᠬᠡᠰᠡᠭ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠬᠢᠭᠡᠳ ᠲᠡᠦᠬᠡ ᠰᠣᠶᠣᠯ ᠤᠨ ᠨᠡᠷᠡᠲᠦ ᠪᠠᠯᠭᠠᠰᠤ᠂ ᠨᠡᠷᠡᠲᠦ ᠲᠣᠰᠬᠤᠨ ︵ | ᠤᠯᠠᠮᠵᠢᠯᠠᠯᠲᠤ ᠲᠣᠰᠬᠤᠨ︶ ᠵᠢᠴᠢ ᠲᠡᠦᠬᠡ ᠶᠢᠨ ᠭᠠᠵᠠᠷ ᠬᠡᠰᠡᠭ᠂ ᠲᠠᠷᠢᠶᠠᠯᠠᠩ ᠤᠨ ᠰᠣᠶᠣᠯ ᠤᠨ ᠥᠪ᠂ ᠤᠰᠤᠯᠠᠯᠲᠠ ᠶᠢᠨ | ᠢᠨᠵᠧᠨᠧᠷᠢᠩ ᠤᠨ ᠥᠪ ᠢ ᠬᠠᠮᠠᠭᠠᠯᠠᠨ ᠠᠰᠢᠬᠯᠠᠬᠤ ᠶᠢ ᠨᠢᠭᠡᠳᠦᠯᠲᠡᠶ ᠲᠥᠯᠥᠪᠵᠢᠭᠦᠯᠦᠨᠠ᠃ | ︵ᠠᠷᠪᠠ︶ ᠲᠡᠦᠬᠡ ᠰᠣᠶᠣᠯ ᠢ ᠪᠠᠳᠠᠷᠠᠭᠤᠯᠤᠨ᠎ᠠ᠃ ᠬᠠᠮᠠᠭᠠᠯᠠᠬᠤ ᠰᠠᠭᠤᠷᠢᠨ ᠳᠡᠭᠡᠷ᠎ᠡ ᠡᠯ᠎ᠡ ᠲᠥᠷᠥᠯ ᠤᠨ ᠲᠡᠦᠬᠡ | ᠰᠣᠶᠣᠯ ᠤᠨ ᠥᠪ ᠢ ᠰᠤᠳᠤᠯᠤᠨ ᠲᠠᠶᠢᠯᠪᠤᠷᠢᠯᠠᠬᠤ ᠠᠵᠢᠯ ᠢ ᠴᠢᠩᠭᠠᠳᠬᠠᠵᠤ᠂ ᠲᠡᠭᠦᠨ ᠤ ᠲᠡᠦᠬᠡᠨ ᠥᠯᠢᠭᠡᠷ᠂ ᠰᠣᠶᠣᠯ ᠤᠨ | ᠦᠨ᠎ᠡ ᠥᠷᠲᠡᠭ᠂ ᠣᠶᠤᠨ ᠰᠠᠨᠠᠭᠠᠨ ᠤ ᠠᠭᠤᠯᠤᠭᠳᠠᠬᠤᠨ ᠢ ᠣᠯᠠᠨ ᠲᠠᠰ ᠳᠠᠪᠬᠤᠷᠭ᠎ᠠ᠂ ᠪᠥᠬᠦ ᠲᠠᠯ᠎ᠠ ᠪᠠᠷ᠂ ᠦᠷᠭᠦᠯᠵᠢᠯᠡᠨ | ᠠᠭᠤᠳᠠᠯᠤᠨ᠎ᠠ᠃ ᠲᠡᠰ ᠳᠠᠪᠬᠤᠷᠭ᠎ᠠ ᠬᠤᠪᠢᠶᠠᠨ᠂ ᠲᠦᠷᠦᠯ ᠬᠤᠪᠢᠶᠠᠨ ᠡᠯ᠎ᠡ ᠲᠦᠷᠦᠯ ᠤᠨ ᠲᠡᠦᠬᠡ ᠰᠣᠶᠣᠯ ᠤᠨ ᠥᠪ ᠢ | ᠬᠤᠯᠪᠣᠵᠤ᠂ ᠦᠢᠯᠡᠳᠪᠦᠷᠢᠯᠡᠯ ᠠᠮᠢᠳᠤᠷᠠᠯ ᠳᠤ ᠠᠭᠤᠰᠤᠯᠴᠠᠭᠰᠠᠨ ᠲᠡᠦᠬᠡ ᠰᠣᠶᠣᠯ ᠤᠨ ᠦᠵᠡᠭᠦᠯᠭᠡ ᠶᠢᠨ ᠱᠤᠭᠤᠮ᠂ | ᠬᠤᠩᠬᠢᠯ ᠪᠣᠯᠤᠨ ᠲᠤᠤᠷ ᠢ ᠪᠠᠶᠢᠭᠤᠯᠵᠤ᠂ ᠭᠠᠵᠠᠷ ᠪᠣᠯᠭᠠᠨ ᠳᠤ ᠲᠡᠦᠬᠡ ᠶᠢ ᠢᠯᠡᠷᠡᠭᠦᠯᠵᠤ᠂ ᠭᠠᠵᠠᠷ ᠪᠣᠯᠭᠠᠨ ᠳᠤ ᠰᠣᠶᠣᠯ ᠢ | ᠢᠯᠡᠷᠡᠭᠦᠯᠵᠦ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤᠮᠳᠠ ᠬᠤᠳᠠ ᠶᠢᠨ ᠵᠣᠷᠢᠭ ᠰᠠᠨᠠᠭ᠎ᠠ ᠪᠣᠯᠤᠨ ᠬᠥᠳᠡᠭᠡ | ᠲᠣᠰᠬᠤᠨ ᠤ ᠪᠣᠯᠪᠠᠰᠤᠨ ᠢ ᠢᠯᠡᠷᠡᠭᠦᠯᠵᠦ᠂ ᠥᠷᠭᠡᠨ ᠤᠯᠠᠨ ᠠᠷᠠᠳ ᠲᠦᠮᠡᠨ ᠢ ᠡᠳᠦᠷ ᠪᠤᠯᠭᠠᠨ ᠬᠡᠷᠡᠭᠯᠡᠬᠦ ᠳᠤᠮᠳᠠ ᠦᠯᠦ | ᠮᠡᠳᠡᠭᠳᠡᠮ᠎ᠡ ᠪᠠᠷ ᠰᠣᠶᠣᠯ ᠤᠨ ᠨᠥᠯᠥᠭᠡ ᠶᠢ ᠬᠦᠷᠳᠡᠬᠦ ᠪᠣᠯᠭᠠᠨ᠎ᠠ᠃ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠨᠡᠮᠡᠭᠳᠡᠭᠦᠯᠵᠦ | ᠂ ᠤᠯᠠᠮᠵᠢᠯᠠᠯᠲᠤ ᠪᠠᠶᠠᠷ ᠳᠤᠷᠠᠰᠬᠠᠯ ᠤᠨ ᠠᠵᠢᠯᠯᠠᠭ᠎ᠠ᠂ ᠳᠤᠷᠠᠰᠬᠠᠬᠤ ᠠᠵᠢᠯᠯᠠᠭ᠎ᠠ᠂ ᠰᠣᠶᠣᠯ ᠤᠨ ᠤᠨ ᠵᠡᠷᠭᠡ ᠤᠯᠠᠨ | ᠶᠠᠩᠵᠤ ᠬᠡᠯᠪᠡᠷᠢ ᠶᠢᠨ ᠰᠣᠶᠣᠯ ᠤᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠯᠡᠳᠬᠡᠬᠦ | ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠣᠨᠢᠨ ᠮᠡᠳᠡᠭᠡ ᠮᠡᠳᠡᠭᠡᠯᠡᠯ᠂ ᠲᠧᠯᠸᠢᠰ ᠵᠦᠴᠦᠭᠡ᠂ ᠲᠧᠯᠸᠢᠰ ᠫᠷᠤᠭ᠍ᠷᠠᠮ᠂ | ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠣᠬᠤᠷ ᠸᠢᠳᠢᠣ᠋ ᠵᠡᠷᠭᠡ ᠣᠯᠠᠨ ᠵᠦᠢᠯ ᠤᠨ ᠬᠡᠯᠪᠡᠷᠢ ᠪᠠᠷ ᠳᠤᠮᠳᠠᠳᠤ ᠶᠢᠨ ᠪᠣᠯᠪᠠᠰᠤᠨ ᠤ | ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠪᠣᠯᠤᠨ ᠤᠷᠢᠶᠠᠯᠠᠬᠤ ᠬᠦᠴᠦᠨ ᠢ ᠭᠦᠢᠴᠡᠳ ᠢᠯᠡᠷᠡᠭᠦᠯᠦᠨ᠎ᠠ᠃ | ᠳᠥᠷᠪᠡ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ | ︵ᠠᠷᠪᠠᠨ ᠨᠢᠭᠡ︶ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠎ᠠ᠃ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠳ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠤᠬᠠᠭᠤᠯᠭ᠎ᠠ᠂ | ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠷᠠᠳ ᠤᠨ ᠶᠠᠪᠤᠳᠠᠯ᠂ ᠡᠳ᠋ ᠤᠨ | ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠬᠯᠠᠯᠲᠠ᠂ ᠬᠦᠳᠡᠭᠡ ᠠᠵᠦ ᠠᠬᠤᠢ ᠬᠥᠳᠡᠭᠡ ᠲᠣᠰᠬᠤᠨ᠂ | ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠢ ᠰᠢᠭᠤᠶ | ᠨᠤᠳᠤᠭ ᠪᠡᠯᠴᠢᠭᠡᠷ ᠵᠡᠷᠭᠡ ᠰᠠᠯᠠᠭ᠎ᠠ ᠮᠥᠴᠢᠷ ᠯᠦᠭᠡ ᠨᠡᠪᠲᠡᠷᠡᠯᠴᠡᠨ ᠵᠥᠪᠳᠡᠯᠴᠡᠬᠦ ᠪᠠᠨ ᠴᠢᠩᠭᠠᠳᠬᠠᠵᠤ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠡᠯ᠎ᠡ ᠲᠥᠷᠥᠯ ᠤᠨ ᠲᠡᠦᠬᠡ ᠰᠣᠶᠣᠯ ᠤᠨ ᠥᠪ ᠢ ᠬᠠᠮᠠᠭᠠᠯᠠᠬᠤ ᠠᠵᠢᠯ ᠤᠨ | ᠬᠠᠮᠵᠢᠯᠴᠠᠭ᠎ᠠ ᠶᠢ ᠴᠢᠩᠭᠠᠳᠬᠠᠵᠤ᠂ ᠳᠦᠷᠢᠮ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢᠨ ᠵᠣᠬᠢᠴᠠᠯᠳᠤᠨ ᠵᠣᠯᠭᠠᠭᠤᠯᠬᠤ ᠶᠢ | ᠴᠢᠩᠭᠠᠳᠬᠠᠨ᠎ᠠ᠃ ᠣᠷᠣᠨ ᠪᠦᠰᠡ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠲᠡᠦᠬᠡ ᠰᠣᠶᠣᠯ ᠤᠨ ᠥᠪ ᠤᠨ ᠪᠦᠬᠦᠯᠢ | ᠴᠣᠭᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠯᠤᠰ ᠤᠨ ᠰᠣᠶᠣᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ | ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠶ ᠪᠠᠷ ᠠᠭᠤᠰᠤᠯᠴᠠᠨ᠎ᠠ᠃ | ︵ᠠᠷᠪᠠᠨ ᠬᠤᠶᠠᠷ︶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠲᠡᠦᠬᠡ ᠰᠣᠶᠣᠯ ᠤᠨ ᠡᠬᠢ ᠪᠠᠶᠠᠯᠢᠭ ᠢ | ᠪᠠᠶᠢᠴᠠᠭᠠᠨ ᠦᠨᠡᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠪᠠᠶᠢᠴᠠᠭᠠᠬᠤ᠂ ᠦᠨᠡᠯᠡᠨ | ᠵᠢᠱᠢᠬᠦ ᠪᠠ ᠮᠠᠭᠠᠳᠯᠠᠨ ᠲᠣᠭᠲᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠠᠮᠠᠭᠠᠯᠠᠬᠤ ᠡᠲᠡᠭᠡᠳ ᠢ ᠴᠠᠭ ᠲᠤᠬᠠᠶ ᠳᠤᠨᠢ | ᠥᠷᠭᠡᠳᠬᠡᠨ ᠲᠡᠭᠦᠯᠳᠡᠷᠵᠢᠭᠦᠯᠵᠦ᠂ ᠬᠠᠮᠠᠭᠠᠯᠠᠬᠤ ᠨᠡᠷᠡᠰ ᠢ ᠪᠠᠶᠠᠯᠢᠭᠵᠢᠭᠤᠯᠤᠨ᠎ᠠ᠃ ᠦᠨᠳᠦᠰᠦᠨ ᠪᠥᠲᠥᠭᠡᠨ | ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠤᠷᠢᠳᠠᠴᠢ ᠲᠦᠷᠢᠮ ᠢ ᠪᠠᠷᠢᠮᠲᠠᠯᠠᠵᠤ᠂ ᠲᠡᠦᠬᠡ ᠰᠣᠶᠣᠯ ᠤᠨ ᠥᠪ ᠤᠨ | ᠬᠠᠮᠠᠭᠠᠯᠠᠯᠲᠠ ᠶᠢ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠤᠷᠢᠳᠴᠢᠯᠠᠨ ᠣᠷᠣᠯᠴᠠᠭᠤᠯᠬᠤ ᠠᠵᠢᠯ ᠤᠨ | ᠲᠣᠭᠲᠠᠴᠠ ᠶᠢ ᠪᠠᠶᠢᠭᠤᠯᠤᠨ᠎ᠠ᠃ ᠬᠠᠮᠠᠭᠠᠯᠠᠵᠤ ᠰᠡᠯᠪᠢᠨ ᠵᠠᠰᠠᠬᠤ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠠᠬᠢᠭᠤᠯᠵᠤ᠂ | ᠡᠯ᠎ᠡ ᠲᠥᠷᠥᠯ ᠤᠨ ᠬᠠᠮᠠᠭᠠᠯᠠᠬᠤ ᠡᠲᠡᠭᠡᠳ ᠤᠨ ᠬᠠᠮᠠᠭᠠᠯᠠᠬᠤ᠂ ᠰᠡᠯᠪᠢᠨ ᠵᠠᠰᠠᠬᠤ᠂ ᠥᠭᠡᠷᠡᠴᠢᠯᠡᠬᠦ᠂ ᠨᠡᠭᠦᠯᠭᠡᠬᠦ ᠳᠤ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢ ᠬᠡᠷᠡᠭᠵᠢᠭᠦᠯᠬᠦ ᠶᠢ ᠰᠢᠯᠢᠳᠡᠭᠵᠢᠭᠦᠯᠵᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠷᠢᠭ᠎ᠠ ᠱᠤᠭᠤᠮ ᠤᠨ ᠬᠠᠮᠢᠶᠠᠷᠤᠯᠲᠠ ᠶᠢᠨ | ᠵᠠᠭᠪᠤᠷ ᠢ ᠠᠮᠢᠳᠤᠯᠢᠭ ᠢᠶᠠᠷ ᠠᠰᠢᠬᠯᠠᠬᠤ ᠶᠢ ᠰᠦᠪᠡᠭᠴᠢᠯᠡᠵᠦ᠂ ᠲᠥᠷᠥᠯ ᠬᠡᠯᠪᠡᠷᠢ ᠪᠠ ᠣᠷᠣᠨ ᠪᠦᠰᠡ ᠬᠤᠪᠢᠶᠠᠨ ᠲᠥᠷᠥᠯ | ᠵᠦᠢᠯ ᠳᠤ ᠵᠥᠪᠰᠢᠶᠡᠷᠡᠨ ᠣᠷᠣᠭᠤᠯᠬᠤ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ ᠪᠦᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠪᠠᠷᠢᠯᠭ᠎ᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ | ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠪᠠᠶᠢᠭᠤᠯᠬᠤ᠂ ᠨᠤᠷᠠᠭᠠᠬᠤ ᠬᠠᠮᠢᠶᠠᠷᠤᠯᠲᠠ ᠪᠠᠨ ᠴᠢᠩᠭᠠᠳᠬᠠᠨ᠎ᠠ᠃ | ︵ᠠᠷᠪᠠᠨ ᠭᠤᠷᠪᠠ︶ ᠣᠯᠠᠨ ᠲᠠᠯ᠎ᠠ ᠶᠢᠨ ᠣᠷᠣᠯᠴᠠᠬᠤ ᠶᠢ ᠠᠬᠢᠭᠤᠯᠤᠨ᠎ᠠ᠃ ᠡᠯ᠎ᠡ ᠲᠠᠯ᠎ᠠ ᠶᠢᠨ ᠭᠤᠤᠯ | ᠴᠣᠭᠴᠠ ᠶᠢᠨ ᠬᠢᠨ ᠤ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠲᠥᠯᠥᠪᠵᠢᠭᠦᠯᠪᠡ᠂ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠢᠳᠡᠪᠬᠢ ᠦᠢᠯᠡᠳᠦᠯ ᠢᠶᠠᠨ ᠪᠠᠳᠠᠷᠠᠭᠤᠯᠬᠤ ᠶᠢ | ᠵᠣᠷᠢᠭᠵᠢᠭᠤᠯᠤᠨ᠎ᠠ᠃ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠭᠴᠢ ᠪᠠ ᠬᠢᠨᠠᠨ ᠬᠠᠮᠢᠶᠠᠷᠤᠭᠴᠢ ᠶᠢᠨ ᠬᠠᠮᠠᠭᠠᠯᠠᠬᠤ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠠᠭᠠᠯᠠᠵᠤ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠬᠢᠨᠠᠨ ᠵᠥᠪᠰᠢᠶᠡᠷᠡᠬᠦ ᠭᠠᠷ ᠬᠦᠢᠴᠡᠳᠭᠡᠯ ᠢ ᠳᠥᠭᠦᠮᠴᠢᠯᠡᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠨ᠂ | ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠠᠵᠢᠯ ᠳᠤ ᠦᠷᠭᠦᠯᠵᠢᠯᠡᠨ ᠣᠷᠣᠯᠴᠠᠬᠤ ᠶᠢ ᠵᠣᠷᠢᠭᠵᠢᠭᠤᠯᠤᠨ᠎ᠠ᠃ | ︵ᠠᠷᠪᠠᠨ ᠳᠥᠷᠪᠡ︶ ᠱᠠᠩᠨᠠᠵᠤ ᠤᠷᠮᠠᠰᠢᠭᠤᠯᠬᠤ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠵᠠᠰᠠᠭ ᠤᠨ | ᠣᠷᠳᠣᠨ ᠢ ᠵᠣᠷᠢᠭᠵᠢᠭᠤᠯᠵᠤ ᠪᠠᠶᠢᠭᠠᠳ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ | ᠱᠠᠩᠨᠠᠬᠤ ᠪᠠᠷ ᠨᠦᠬᠦᠪᠦᠷᠢ ᠦᠭᠬᠦ ᠶᠢ ᠣᠷᠣᠯᠠᠭᠤᠯᠬᠤ᠂ ᠪᠡᠯᠡ ᠮᠥᠩᠭᠦ ᠶᠢᠨ ᠨᠦᠬᠦᠪᠦᠷᠢ ᠦᠭᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠳᠡᠮᠵᠢᠨ᠎ᠡ᠃ ᠠᠵᠢᠯ ᠤᠨ | ᠠᠮᠵᠢᠯᠲᠠ ᠪᠦᠲᠦᠮᠵᠢ ᠶᠢ ᠮᠥᠷᠳᠡᠨ ᠦᠨᠡᠯᠡᠬᠦ ᠶᠢ ᠥᠷᠨᠢᠭᠦᠯᠵᠦ᠂ ᠡᠯ᠎ᠡ ᠭᠠᠵᠠᠷ ᠤᠨ ᠬᠠᠮᠠᠭᠠᠯᠠᠨ ᠤᠯᠠᠮᠵᠢᠯᠠᠬᠤ ᠠᠵᠢᠯ ᠤᠨ | ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ᠂ ᠬᠠᠮᠠᠭᠠᠯᠠᠵᠤ ᠤᠯᠠᠮᠵᠢᠯᠠᠬᠤ | ᠠᠵᠢᠯ ᠤᠨ ᠦᠷ᠎ᠡ ᠪᠦᠲᠦᠮᠵᠢ ᠢᠯᠡᠷᠬᠡᠶ᠂ ᠣᠯᠠᠨ ᠲᠦᠮᠡᠨ ᠤ ᠨᠡᠶᠢᠳᠡᠮ ᠤᠨ ᠲᠤᠰᠬᠠᠯ ᠰᠠᠶᠢᠨ ᠪᠠᠶᠢᠪᠠᠯ ᠤᠬᠠᠭᠤᠯᠤᠨ | ᠳᠡᠯᠭᠡᠷᠡᠭᠦᠯᠦᠨ᠎ᠡ᠃ ᠬᠠᠮᠠᠭᠠᠯᠠᠵᠤ ᠤᠯᠠᠮᠵᠢᠯᠠᠬᠤ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ | ᠪᠠᠶᠢᠭᠤᠯᠤᠯᠲᠠ ᠪᠣᠯᠤᠨ ᠬᠤᠪᠢ ᠬᠥᠮᠦᠨ ᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ | ᠬᠥᠬᠢᠭᠦᠯᠦᠨ᠎ᠡ᠃ | ︵ᠠᠷᠪᠠᠨ ᠲᠠᠪᠤ︶ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠬᠤᠲᠠ ᠬᠥᠳᠡᠭᠡ ᠶᠢᠨ ᠲᠡᠦᠬᠡ | ᠰᠣᠶᠣᠯ ᠢ ᠬᠠᠮᠠᠭᠠᠯᠠᠵᠤ ᠤᠯᠠᠮᠵᠢᠯᠠᠬᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ ᠳᠦᠷᠢᠮ ᠢ | ᠪᠠᠶᠢᠭᠤᠯᠵᠤ᠂ ᠬᠤᠲᠠ ᠰᠢᠶᠠᠨ ᠨᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠤᠷᠢᠨ | ᠪᠠᠶᠢᠴᠠᠭᠠᠬᠤ ᠠᠵᠢᠯ ᠢ ᠨᠡᠶᠢᠭᠡᠮ ᠲᠣᠭᠤᠷᠢᠭ ᠤᠨ ᠲᠣᠣᠷᠵᠢᠭᠰᠠᠨ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠡᠷᠭᠡ ᠬᠡᠪᠴᠢᠶᠡᠨ ᠳᠤ ᠣᠷᠣᠭᠤᠯᠤᠨ᠎ᠠ᠃ ᠬᠤᠲᠠ ᠬᠥᠳᠡᠭᠡ ᠶᠢᠨ ᠲᠡᠦᠬᠡ | ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠬᠠᠮᠠᠭᠠᠯᠠᠵᠤ ᠤᠯᠠᠮᠵᠢᠯᠠᠬᠤ | ᠠᠵᠢᠯ ᠤᠨ ᠪᠠᠶᠢᠳᠠᠯ᠂ ᠬᠠᠮᠠᠭᠠᠯᠠᠬᠤ ᠡᠲᠡᠭᠡᠳ ᠤᠨ ᠬᠠᠮᠠᠭᠠᠯᠠᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠦᠨᠡᠯᠡᠨ ᠵᠢᠱᠢᠨ᠎ᠡ᠃ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠴᠢᠩᠳᠠᠯᠠᠨ᠂ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠠᠴᠠ ᠵᠥᠷᠢᠴᠡᠨ | ᠡᠪᠳᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠬᠤᠷᠢᠬᠯᠠᠨ | ᠵᠣᠭᠰᠣᠭᠠᠨ᠎ᠠ᠃ ᠤᠯᠤᠰ ᠤᠨ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠤᠭᠤᠴᠢᠨ ᠪᠠᠶᠢᠴᠠᠭᠠᠬᠤ | ᠠᠵᠢᠯ ᠢ ᠴᠠᠭ ᠲᠤᠬᠠᠶ ᠳᠤᠨᠢ ᠥᠷᠨᠢᠭᠦᠯᠦᠨ᠎ᠡ᠃ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠲᠡᠦᠬᠡ ᠰᠣᠶᠣᠯ ᠤᠨ ᠬᠠᠮᠠᠭᠠᠯᠠᠵᠤ ᠤᠯᠠᠮᠵᠢᠯᠠᠬᠤ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠬᠤᠲᠠ ᠬᠥᠳᠡᠭᠡ ᠶᠢᠨ ᠲᠡᠦᠬᠡ | ᠰᠣᠶᠣᠯ ᠤᠨ ᠥᠪ ᠤᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠬᠢᠨᠠᠨ | ᠬᠡᠮᠵᠢᠬᠦ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠯᠤᠰ᠂ ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶᠂ ᠬᠤᠲᠠ ᠰᠢᠶᠠᠨ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ | ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︵ᠠᠷᠪᠠᠨ ᠵᠢᠷᠭᠤᠭ᠎ᠠ︶ ᠰᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠠᠵᠢᠯ ᠢ ᠪᠥᠬᠦ ᠤᠯᠤᠰ ᠤᠨ ᠪᠣᠯᠪᠠᠰᠤᠨ ᠬᠤᠲᠠ ᠶᠢᠨ ᠰᠢᠯᠭᠠᠨ ᠦᠨᠡᠯᠡᠬᠦ ᠰᠢᠰᠲ᠋ᠧᠮ ᠳᠤ | ᠣᠷᠣᠭᠤᠯᠤᠨ᠎ᠠ᠃ ᠤᠳᠤᠷᠢᠳᠬᠤ ᠺᠠᠳ᠋ᠷ ᠤᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠤᠨ ᠳᠤᠮᠳᠠᠬᠢ ᠠᠵᠤ | ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠪᠤᠳᠤᠵᠤ ᠬᠢᠨᠠᠯᠲᠠ ᠲᠠᠯᠪᠢᠬᠤ᠂ ᠬᠢᠨᠠᠨ ᠪᠤᠳᠤᠭᠰᠠᠨ | ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠪᠤᠳᠤᠯᠲᠠ ᠬᠢᠯᠭᠡᠭᠰᠡᠨ ᠤᠳᠤᠷᠢᠳᠬᠤ ᠺᠠᠳ᠋ᠷ ᠢ | ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ ᠲᠤᠷᠭᠤᠭᠠᠬᠤ ᠴᠢᠬᠤᠯᠠ ᠯᠠᠪᠯᠠᠯᠲᠠ ᠪᠣᠯᠭᠠᠬᠤ ᠶᠢ ᠴᠢᠩᠭᠠᠳᠬᠠᠨ᠎ᠠ᠃ | ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠪᠣᠯᠪᠠᠴᠤ ᠰᠠᠶᠢᠲᠤᠷ ᠬᠠᠮᠠᠭᠠᠯᠠᠭᠰᠠᠨ ᠥᠬᠡᠶ ᠠᠴᠠ ᠪᠣᠯᠵᠣ | ᠲᠡᠦᠬᠡ ᠰᠣᠶᠣᠯ ᠤᠨ ᠦᠨ᠎ᠡ ᠥᠷᠲᠡᠭ ᠢ ᠬᠦᠨᠳᠦ ᠨᠣᠴᠢᠲᠠᠶ ᠨᠥᠯᠥᠭᠡᠯᠡᠭᠰᠡᠨ ᠲᠡᠦᠬᠡ ᠰᠣᠶᠣᠯ ᠤᠨ ᠨᠠᠷᠠᠲᠤ ᠬᠤᠲᠠ᠂ | ᠨᠠᠷᠠᠲᠤ ᠪᠠᠯᠭᠠᠰᠤ᠂ ᠨᠠᠷᠠᠲᠤ ᠲᠣᠰᠬᠤᠨ ︵ᠤᠯᠠᠮᠵᠢᠯᠠᠯᠲᠤ ᠠᠶᠢᠯ ᠲᠣᠰᠬᠤᠨ︶᠂ ᠵᠡᠭᠡᠯᠢ ᠲᠣᠭᠤᠷᠢᠭ ᠪᠠ ᠲᠡᠦᠬᠡ ᠶᠢᠨ | ᠪᠠᠷᠢᠯᠭ᠎ᠠ᠂ ᠲᠡᠦᠬᠡ ᠶᠢᠨ ᠭᠠᠵᠠᠷ ᠬᠡᠰᠡᠭ ᠢ ᠤᠰᠠᠳᠬᠤ ᠠᠶᠤᠯᠳᠠᠢ ᠨᠡᠷᠡᠰ ᠲᠤ ᠵᠢᠭᠰᠠᠭᠠᠨ ᠣᠷᠣᠭᠤᠯᠵᠤ᠂ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠢᠷᠢ ᠲᠡᠩᠴᠡᠭᠰᠡᠨ ᠥᠬᠡᠶ ᠶᠢ ᠨᠢ | ᠬᠠᠮᠠᠭᠠᠯᠠᠯᠲᠠ ᠠᠴᠠ ᠭᠠᠷᠭᠠᠬᠤ ᠨᠡᠷᠡᠰ ᠲᠤ ᠵᠢᠭᠰᠠᠭᠠᠨ ᠣᠷᠣᠭᠤᠯᠤᠨ᠎ᠠ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠥᠬᠡᠶ᠂ ᠬᠠᠮᠠᠭᠠᠯᠠᠭᠰᠠᠨ ᠨᠢ ᠬᠦᠴᠦᠨ ᠥᠬᠡᠶ᠂ ᠨᠢᠭᠡᠨᠲᠡ ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ | ᠬᠠᠮᠠᠭᠠᠯᠠᠬᠤ ᠡᠲᠡᠭᠡᠳ ᠪᠤᠶᠤ ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠣᠰᠣᠲᠠᠶ ᠪᠠᠶᠢᠲᠠᠯ᠎ᠠ | ᠣᠷᠣᠭᠤᠯᠤᠭᠰᠠᠨ ᠥᠬᠡᠶ ᠲᠡᠦᠬᠡ ᠰᠣᠶᠣᠯ ᠤᠨ ᠡᠬᠢ ᠪᠠᠶᠠᠯᠢᠭ ᠤᠨ ᠲᠡᠦᠬᠡ ᠰᠣᠶᠣᠯ ᠤᠨ ᠦᠨ᠎ᠡ ᠥᠷᠲᠡᠭ ᠢ ᠬᠦᠨᠳᠦ | ᠨᠣᠴᠢᠲᠠᠶ ᠡᠪᠳᠡᠭᠰᠡᠨ ᠪᠠᠶᠢᠪᠠᠯ᠂ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠪᠠ | ᠬᠠᠷᠢᠭᠤᠴᠠᠯᠭᠠᠲᠤ ᠨᠢᠭᠡᠴᠢ ᠶᠢ ᠰᠢᠢᠳᠪᠦᠷᠢᠯᠡᠨ᠎ᠡ᠃ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠷᠴᠢᠮ ᠢ ᠴᠢᠩᠭᠠᠷᠠᠭᠤᠯᠤᠨ᠎ᠠ᠃ ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ | ︵ᠠᠷᠪᠠᠨ ᠳᠣᠯᠤᠭ᠎ᠠ︶ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ | ᠲᠠᠨᠢᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠬᠠᠮᠠᠭᠠᠯᠠᠵᠤ ᠤᠯᠠᠮᠵᠢᠯᠠᠬᠤ ᠠᠵᠢᠯ ᠤᠨ ᠡᠯ᠎ᠡ ᠲᠠᠯ᠎ᠠ ᠡᠯ᠎ᠡ | ᠭᠤᠭᠴᠤᠭ᠎ᠠ ᠳᠤ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠥᠬᠦᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠳᠡᠢ᠃ | ︵ᠠᠷᠪᠠᠨ ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠨ᠎ᠡ᠃ ︽ᠲᠡᠦᠬᠡ ᠰᠣᠶᠣᠯ ᠤᠨ ᠨᠠᠷᠠᠲᠤ | ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠢ ᠬᠠᠮᠠᠭᠠᠯᠠᠬᠤ ᠲᠦᠷᠢᠮ︾ ᠳᠤ ᠵᠠᠰᠠᠪᠤᠷᠢ ᠣᠷᠣᠭᠤᠯᠵᠤ᠂ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠯᠤᠭ᠎ᠠ ᠵᠣᠯᠭᠠᠭᠤᠯᠬᠤ ᠶᠢ | ᠴᠢᠩᠭᠠᠳᠬᠠᠵᠤ᠂ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠲᠣᠭᠲᠠᠭᠠᠨ ᠵᠠᠰᠠᠪᠤᠷᠢ | ᠣᠷᠣᠭᠤᠯᠵᠤ᠂ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠰᠠᠶᠢᠲᠤᠷ ᠬᠢᠬᠦ ᠳᠤ | ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ | ︵ᠠᠷᠪᠠ ᠶᠢᠰᠦ︶ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠠᠵᠢᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠲᠥᠪ ᠤᠨ | ᠪᠠ ᠣᠷᠣᠨ ᠨᠤᠲᠤᠭ ᠤᠨ ᠡᠳ᠋ ᠤᠨ ᠵᠠᠰᠠᠭ ᠨᠢ ᠡᠯ᠎ᠡ ᠱᠠᠲᠤᠨ ᠤ ᠠᠵᠢᠯ ᠡᠷᠬᠡ ᠶᠢ ᠦᠨᠳᠦᠰᠦᠯᠡᠨ ᠪᠠᠯᠠ ᠮᠥᠩᠭᠦ ᠶᠢᠨ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠳᠡᠢ᠃ ᠣᠷᠣᠨ ᠨᠤᠲᠤᠭ ᠤᠨ ᠵᠠᠰᠠᠭ ᠤᠨ ᠣᠷᠳᠣᠨ ᠨᠢ ᠬᠠᠮᠠᠭᠠᠯᠠᠯᠲᠠ ᠶᠢᠨ ᠪᠠᠯᠠ | ᠮᠥᠩᠭᠦ ᠶᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠤᠯᠤᠰ ᠤᠨ ᠲᠠᠰ᠂ ᠮᠤᠵᠢ ᠶᠢᠨ | ᠲᠠᠰ ᠤᠨ ᠴᠢᠬᠤᠯᠠ ᠶᠡᠭᠡ ᠲᠥᠷᠥᠯ ᠵᠦᠶ᠋ᠯ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ | ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠠᠵᠢᠯ ᠢ ᠭᠤᠤᠯᠳᠠᠯᠭ᠎ᠠ ᠲᠠᠢ ᠳᠡᠮᠵᠢᠨ᠎ᠡ᠃ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠮᠥᠩᠭᠦᠨ | ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢᠨ ᠠᠷᠭ᠎ᠠ ᠵᠠᠮ ᠢ ᠥᠷᠭᠡᠳᠬᠡᠬᠦ ᠶᠢ | ᠵᠣᠷᠢᠭᠵᠢᠭᠤᠯᠤᠨ᠎ᠠ᠃ | ︵ᠬᠤᠷᠢ︶ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠠᠩᠭᠢ ᠳᠤ | ᠪᠣᠯᠪᠠᠰᠤᠷᠠᠯ ᠤᠨ ᠬᠢᠴᠢᠶᠡᠯ ᠨᠡᠮᠡᠵᠦ᠂ ᠤᠳᠤᠷᠢᠳᠬᠤ ᠺᠠᠳ᠋ᠷ ᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠦᠵᠡᠯ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠠᠤᠯᠢ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠳᠤᠷᠢᠳᠬᠤ ᠺᠠᠳ᠋ᠷ ᠲᠤ ᠲᠤᠰᠬᠠᠢ | ᠰᠡᠷᠡᠮᠵᠢᠯᠡᠭᠦᠯᠬᠦ ᠬᠥᠮᠦᠵᠢᠯ ᠥᠷᠨᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠠᠮᠢᠶ᠎ᠠ ᠪᠦᠬᠦᠢ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠨᠬᠤ ᠤᠯᠤᠰ ᠤᠨ ᠤᠶᠤᠨ ᠤ ᠬᠥᠮᠥᠷᠭᠡ ᠶᠢ ᠪᠠᠶᠢᠭᠤᠯᠤᠨ᠎ᠠ᠃ ᠮᠡᠷᠭᠡᠵᠢᠯ ᠤᠨ ᠠᠵᠢᠯᠲᠠᠨ ᠪᠣᠯᠤᠨ ᠦᠨᠳᠦᠰᠦᠨ | ᠱᠠᠲᠤᠨ ᠤ ᠬᠠᠮᠢᠶᠠᠷᠤᠯᠲᠠ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ ᠰᠡᠯᠪᠢᠨ ᠵᠠᠰᠠᠬᠤ | ᠮᠡᠷᠭᠡᠵᠢᠯ ᠤᠨ ᠤᠯᠠᠮᠵᠢᠯᠠᠨ ᠵᠠᠯᠭᠠᠮᠵᠢᠯᠠᠭᠴᠢ ᠪᠣᠯᠤᠨ ᠤᠷᠠᠨ ᠳᠠᠷᠬᠠᠨ ᠤ ᠪᠣᠯᠪᠠᠰᠤᠷᠠᠯ᠂ ᠦᠨᠡᠯᠡᠯᠲᠡ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ︵ᠰᠢᠨᠬᠤᠸᠠ ᠬᠤᠷᠢᠶᠠᠨ ᠤ | ᠪᠡᠭᠡᠵᠢᠩ ᠤᠨ 9 ᠰᠠᠷ᠎ᠠ ᠶᠢᠨ 3 ᠤ ᠴᠠᠬᠢᠯᠭᠠᠨ ᠮᠡᠳᠡᠭᠡ ᠠᠴᠠ︶ | |