ᠰᠢᠨᠬᠤᠸᠠ ᠬᠤᠷᠢᠶᠠᠨ ᠤ ᠪᠡᠭᠡᠵᠢᠩ ᠤᠨ 10 | ᠰᠠᠷ᠎ᠠ ᠶᠢᠨ 19 ᠤ ᠴᠠᠬᠢᠯᠭᠠᠨ ᠮᠡᠳᠡᠭᠡ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶ᠎ᠠ 10 ᠰᠠᠷ᠎ᠠ ᠶᠢᠨ 18 ᠤ ᠦᠳᠡ ᠶᠢᠨ | ᠬᠤᠶᠢᠨ᠎ᠠ ᠮᠠᠨ ᠤ ᠤᠯᠤᠰ ᠤᠨ | ᠲᠣᠭᠠᠴᠢᠯᠠᠭᠰᠠᠨ ᠠᠵᠤ ᠠᠬᠤᠢ ᠶᠢᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ | ᠲᠤᠬᠠᠢ ᠭᠤᠴᠢᠨ ᠳᠥᠷᠪᠡᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ | ᠰᠢ ᠶᠢᠨ ᠫᠢᠩ ᠰᠤᠷᠤᠯᠴᠠᠯᠭ᠎ᠠ ᠶᠢ | ᠡᠷᠬᠢᠯᠡᠬᠦ ᠳᠡᠭᠡᠨ᠂ ᠣᠶᠢᠷ᠎ᠠ ᠶᠢᠨ | ᠵᠢᠯ ᠠᠴᠠ᠂ ᠢᠨᠲ᠋ᠧᠷ ᠰᠦᠯᠵᠢᠶ᠎ᠡ᠂ ᠲᠤᠮᠤ | ᠳ᠋ᠠᠶᠢᠲ᠋ᠠ᠂ ᠡᠭᠦᠯᠡᠨ ᠪᠣᠳᠣᠯᠲᠠ᠂ | ᠵᠣᠬᠢᠶᠠᠮᠠᠯ ᠤᠶᠤᠨ᠂ ᠴᠥᠷᠬᠦᠯᠡᠭᠡ | ᠳ᠋ᠠᠶᠢᠲ᠋ᠠ ᠵᠡᠷᠭᠡ ᠮᠡᠷᠭᠡᠵᠢᠯ ᠤᠨ | ᠰᠢᠨ᠎ᠡ ᠶᠢ ᠡᠭᠦᠳᠬᠦ ᠠᠬᠢᠴᠠ ᠲᠦᠷᠭᠡᠳᠴᠦ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠯ᠎ᠡ ᠬᠦᠷᠢᠶ᠎ᠡ ᠪᠦᠬᠦ ᠶᠠᠪᠤᠴᠠ ᠳᠤ ᠡᠳᠦᠷ | ᠢᠷᠡᠬᠦᠶ᠎ᠡ ᠠᠭᠤᠰᠤᠯᠴᠠᠵᠤ᠂ | ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠬᠤᠷᠳᠤᠴᠠ ᠶᠢᠨ ᠲᠦᠷᠭᠡᠨ᠂ | ᠳᠠᠶᠢᠴᠢᠯᠠᠬᠤ ᠬᠡᠪᠴᠢᠶ᠎ᠡ ᠶᠢᠨ ᠥᠷᠭᠡᠨ᠂ | ᠨᠥᠯᠥᠭᠡᠯᠡᠬᠦ ᠬᠡᠮᠵᠢᠶ᠎ᠡ ᠶᠢᠨ ᠬᠦᠨ | ᠪᠠᠶᠢᠬᠤ ᠪᠠᠷ ᠢᠶᠠᠨ ᠤᠷᠢᠳ ᠡᠮᠦᠨ᠎ᠡ | ᠪᠠᠶᠢᠭ᠎ᠠ ᠦᠭᠡᠢ ᠪᠠᠶᠢᠵᠤ᠂ ᠪᠦᠬᠦ | ᠪᠥᠮᠪᠥᠷᠴᠡᠭ ᠤᠨ ᠴᠢᠬᠤᠯᠠ ᠡᠯᠧᠮᠧᠨ᠋ᠲ ᠤᠨ | ᠡᠬᠢ ᠪᠠᠶᠠᠯᠢᠭ ᠢ ᠲᠠᠬᠢᠨ ᠪᠠᠶᠢᠭᠤᠯᠬᠤ᠂ | ᠪᠦᠬᠦ ᠪᠥᠮᠪᠥᠷᠴᠡᠭ ᠤᠨ ᠠᠵᠤ ᠠᠬᠤᠢ ᠶᠢᠨ | ᠪᠦᠲᠦᠴᠡ ᠶᠢ ᠲᠠᠬᠢᠨ ᠴᠣᠭᠴᠠᠯᠠᠬᠤ᠂ ᠪᠦᠬᠦ | ᠪᠥᠮᠪᠥᠷᠴᠡᠭ ᠤᠨ ᠥᠷᠢᠰᠥᠯᠳᠦᠭᠡᠨ ᠤ | ᠪᠠᠶᠢᠷᠢᠰᠢᠯ ᠢ ᠬᠤᠪᠢᠷᠠᠭᠤᠯᠬᠤ | ᠵᠠᠩᠭᠢᠯᠠᠭ᠎ᠠ ᠶᠢᠨ ᠬᠦᠴᠦᠨ ᠪᠤᠯᠵᠤ | ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ | ᠪᠠ ᠳᠡᠯᠡᠬᠡᠢ ᠶᠢᠨ ᠵᠠᠭᠤᠨ ᠵᠢᠯ ᠳᠤ | ᠳᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢ ᠨᠢᠭᠡᠳᠦᠯᠲᠡᠢ | ᠲᠥᠯᠥᠪᠵᠢᠭᠦᠯᠬᠦ ᠥᠨᠳᠥᠷᠴᠡ ᠠᠴᠠ᠂ | ᠤᠯᠤᠰ ᠤᠨ ᠳᠣᠲᠣᠭᠠᠳᠤ ᠭᠠᠳᠠᠭᠠᠳᠦ ᠶᠢᠨ | ᠬᠤᠶᠠᠷ ᠶᠡᠭᠡ ᠲᠠᠯ᠎ᠠ᠂ ᠬᠥᠭᠵᠢᠯᠲᠡ ᠪᠠ ᠠᠮᠤᠷ | ᠲᠦᠪᠰᠢᠨ ᠬᠤᠶᠠᠷ ᠶᠡᠭᠡ ᠶᠠᠪᠤᠳᠠᠯ ᠢ | ᠨᠢᠭᠡᠳᠦᠯᠲᠡᠢ ᠲᠥᠯᠥᠪᠵᠢᠭᠦᠯᠵᠦ᠂ ᠶᠡᠭᠡ | ᠬᠡᠮᠵᠢᠶᠡᠨ ᠤ ᠲᠤᠭ᠎ᠠ ᠪᠠᠷᠢᠮᠲᠠ ᠪᠠ ᠡᠯᠪᠡᠭ | ᠬᠡᠷᠡᠭᠯᠡᠭᠡᠨ ᠤ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠲᠣᠭᠠᠴᠢᠯᠠᠭᠰᠠᠨ | ᠮᠡᠷᠭᠡᠵᠢᠯ ᠪᠣᠯᠤᠨ ᠪᠣᠳᠠᠲᠤ ᠴᠣᠭᠴᠠ ᠶᠢᠨ | ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠤᠯᠠᠮᠵᠢᠯᠠᠯᠲᠤ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠭᠦᠯᠬᠦ ᠳᠤ ᠬᠦᠴᠦᠨ | ᠨᠡᠮᠡᠷᠢᠯᠡᠵᠥ᠂ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠰᠢᠨ᠎ᠡ ᠬᠡᠪ | ᠵᠠᠭᠪᠤᠷ ᠢ ᠪᠤᠢ ᠪᠣᠯᠭᠠᠵᠤ᠂ ᠮᠠᠨ ᠤ | ᠤᠯᠤᠰ ᠤᠨ ᠲᠣᠭᠠᠴᠢᠯᠠᠭᠰᠠᠨ ᠠᠵᠤ ᠠᠬᠤᠢ ᠶᠢ | ᠲᠠᠰᠤᠷᠠᠯᠳᠠ ᠦᠭᠡᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠣᠵᠠᠭᠠᠶᠢᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠠᠺᠠᠳᠧᠮᠢᠴᠢ᠂ | ᠨᠠᠨᠵᠢᠩ ᠶᠡᠭᠡ ᠰᠤᠷᠭᠠᠭᠤᠯᠢ ᠶᠢᠨ ᠵᠠᠬᠢᠷᠤᠯ | ᠯᠢᠦᠶ ᠵᠢᠶᠠᠨ ᠫᠷᠤᠹᠧᠰᠰᠤᠷ ᠡᠨᠡ | ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ | ᠠᠵᠢᠯ ᠤᠨ ᠰᠠᠨᠠᠭᠤᠯᠭ᠎ᠠ ᠳᠤᠷᠠᠳᠪᠠ᠃ ᠲᠥᠪ | ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠨᠥᠬᠦᠳ ᠲᠡᠭᠦᠨ ᠤ | ᠲᠠᠶᠢᠯᠪᠤᠷᠢᠯᠠᠯᠲᠠ ᠶᠢ ᠬᠢᠨᠠᠮᠠᠭᠠᠢ | ᠰᠣᠨᠣᠰᠣᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ | ᠡᠷᠬᠢᠯᠡᠬᠦ ᠳᠡᠭᠡᠨ ᠶᠠᠷᠢᠶ᠎ᠠ ᠲᠠᠯᠪᠢᠪᠠ᠃ | ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠲᠣᠭᠠᠴᠢᠯᠠᠭᠰᠠᠨ ᠠᠵᠤ ᠠᠬᠤᠶ ᠶᠢ | ᠬᠥᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ | ᠰᠦᠯᠵᠢᠶᠡᠨ ᠤ ᠬᠦᠴᠦᠷᠬᠡᠭ ᠤᠯᠤᠰ ᠤᠨ | ᠪᠠᠶᠢᠯᠳᠤᠬᠤ ᠪᠣᠳᠣᠯᠭ᠎ᠠ ᠪᠠ ᠤᠯᠤᠰ ᠤᠨ ᠲᠣᠮᠣ | ᠳ᠋ᠠᠶᠢᠲ᠋ᠠ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ | ᠰᠦᠯᠵᠢᠶᠡᠨ ᠤ ᠠᠵᠤ ᠠᠬᠤᠶ ᠶᠢᠨ ᠣᠷᠣᠨ | ᠵᠠᠶ ᠶᠢ ᠥᠷᠭᠡᠳᠭᠡᠵᠦ᠂ ᠢᠨᠲ᠋ᠧᠷ | ᠰᠦᠯᠵᠢᠶᠡᠨ ᠳᠤ ᠰᠠᠭᠤᠷᠢᠯᠠᠭᠰᠠᠨ ᠡᠯ᠎ᠡ | ᠲᠥᠷᠥᠯ ᠤᠨ ᠰᠢᠨ᠎ᠡ ᠶᠢ ᠡᠭᠦᠳᠬᠦ ᠶᠢ | ᠳᠡᠮᠵᠢᠵᠦ᠂ ᠢᠨᠲ᠋ᠧᠷ ᠰᠦᠯᠵᠢᠶ᠎ᠡ᠂ ᠲᠣᠮᠣ | ᠳ᠋ᠠᠶᠢᠲ᠋ᠠ᠂ ᠵᠣᠬᠢᠶᠠᠮᠠᠯ ᠣᠶᠤᠨ ᠪᠠ ᠪᠣᠳᠠᠲᠤ | ᠴᠣᠭᠴᠠ ᠶᠢᠨ ᠠᠵᠤ ᠠᠬᠤᠶ ᠶᠢᠨ ᠭᠦᠨᠵᠡᠭᠡᠶ | ᠠᠭᠤᠰᠤᠯᠴᠠᠯ ᠢ ᠠᠬᠢᠭᠤᠯᠵᠤ᠂ | ᠲᠣᠭᠠᠴᠢᠯᠠᠭᠰᠠᠨ ᠳᠤᠮᠳᠠᠳᠤ ᠤᠯᠤᠰ᠂ ᠤᠶᠤᠨᠲᠤ | ᠨᠡᠶᠢᠭᠡᠮ ᠢ ᠪᠥᠲᠥᠭᠡᠨ ᠪᠠᠶᠢᠭᠤᠯᠵᠤ᠂ | ᠲᠣᠭᠠᠴᠢᠯᠠᠯᠲᠠ ᠶᠢᠨ ᠠᠵᠤ ᠦᠢᠯᠡᠰᠵᠢᠯᠲᠡ ᠪᠠ | ᠠᠵᠤ ᠦᠢᠯᠡᠰ ᠤᠨ ᠲᠣᠭᠠᠴᠢᠯᠠᠯᠲᠠ ᠶᠢ | ᠠᠬᠢᠭᠤᠯᠵᠤ᠂ ᠣᠯᠠᠨ ᠤᠯᠤᠰ ᠤᠨ ᠥᠷᠢᠰᠥᠯᠳᠦᠬᠦ | ᠬᠦᠴᠦᠨ ᠲᠠᠢ ᠲᠣᠭᠠᠴᠢᠯᠠᠭᠰᠠᠨ ᠠᠵᠤ | ᠦᠢᠯᠡᠰ ᠤᠨ ᠪᠥᠯᠥᠭᠵᠢᠯ ᠢ ᠴᠣᠭᠴᠠᠯᠠᠵᠤ᠂ | ᠮᠠᠨ ᠤ ᠤᠯᠤᠰ ᠤᠨ ᠲᠣᠭᠠᠴᠢᠯᠠᠭᠰᠠᠨ ᠠᠵᠤ | ᠠᠬᠤᠶ ᠶᠢᠨ ᠬᠥᠭᠵᠢᠯᠲᠡ ᠨᠡᠯᠢᠶᠡᠳ ᠲᠦᠷᠭᠡᠨ | ᠪᠠᠶᠢᠵᠤ᠂ ᠢᠯᠡᠳᠲᠡ ᠠᠮᠵᠢᠯᠲᠠ ᠪᠦᠲᠦᠮᠵᠢ | ᠤᠯᠪᠠ᠃ ᠢᠯᠠᠩᠭᠤᠶ᠎ᠠ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠭᠠᠷᠤᠬᠰᠠᠨ ᠠᠴᠠ ᠨᠠᠭᠠᠰᠢ᠂ | ᠲᠣᠭᠠᠴᠢᠯᠠᠭᠰᠠᠨ ᠮᠡᠷᠭᠡᠵᠢᠯ᠂ | ᠲᠣᠭᠠᠴᠢᠯᠠᠭᠰᠠᠨ ᠠᠵᠤ ᠠᠬᠤᠶ ᠨᠢ ᠰᠢᠨ᠎ᠡ | ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠲᠠᠢ ᠲᠡᠮᠡᠴᠡᠬᠦ᠂ ᠦᠢᠯᠡᠳᠪᠦᠷᠢᠯᠡᠯ | ᠠᠮᠢᠳᠤᠷᠠᠯ ᠢ ᠰᠡᠷᠭᠦᠭᠡᠬᠦ ᠲᠠᠯ᠎ᠠ ᠪᠠᠷ | ᠴᠢᠬᠤᠯᠠ ᠦᠢᠯᠡᠳᠦᠯ ᠦᠵᠡᠭᠦᠯᠵᠡᠢ ᠭᠡᠵᠦ | ᠵᠢᠭᠠᠵᠤ ᠭᠠᠷᠭᠠᠪᠠ᠃ ᠰᠢ ᠶᠢᠨ ᠫᠢᠩ᠂ | ᠲᠣᠭᠠᠴᠢᠯᠠᠭᠰᠠᠨ ᠠᠵᠤ ᠠᠬᠤᠢ ᠶᠢ | ᠬᠥᠭᠵᠢᠭᠦᠯᠬᠦ ᠪᠣᠯ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ | ᠠᠵᠤ ᠦᠢᠯᠡᠰ ᠤᠨ ᠬᠤᠪᠢᠰᠤᠯᠲᠠ ᠶᠢᠨ ᠰᠢᠨ᠎ᠡ | ᠠᠵᠠ ᠲᠣᠬᠢᠶᠠᠯ ᠢ ᠡᠵᠡᠮᠳᠡᠬᠦ ᠪᠠᠶᠢᠯᠳᠤᠬᠤ | ᠪᠣᠳᠣᠯᠭ᠎ᠠ ᠶᠢᠨ ᠰᠣᠩᠭᠤᠯᠲᠠ ᠮᠥᠨ᠃ | ᠨᠢᠭᠡ ᠳᠤ᠂ ᠲᠣᠭᠠᠴᠢᠯᠠᠭᠰᠠᠨ ᠠᠵᠤ | ᠠᠬᠤᠶ ᠶᠢᠨ ᠡᠷᠡᠭᠦᠯ ᠢᠶᠠᠷ ᠬᠥᠭᠵᠢᠬᠦ ᠨᠢ | ᠰᠢᠨ᠎ᠡ ᠬᠥᠭᠵᠢᠯᠲᠡ ᠶᠢᠨ ᠪᠠᠶᠢᠷᠢᠰᠢᠯ ᠢ | ᠠᠬᠢᠭᠤᠯᠤᠨ ᠪᠠᠶᠢᠭᠤᠯᠬᠤ ᠳᠤ ᠠᠰᠢᠭᠲᠠᠢ | ᠶᠤᠮ᠂ ᠲᠣᠭᠠᠴᠢᠯᠠᠭᠰᠠᠨ ᠮᠡᠷᠭᠡᠵᠢᠯ᠂ | ᠲᠣᠭᠠᠴᠢᠯᠠᠭᠰᠠᠨ ᠠᠵᠤ ᠠᠬᠤᠶ ᠨᠢ ᠡᠯ᠎ᠡ | ᠲᠥᠷᠥᠯ ᠤᠨ ᠡᠬᠢ ᠪᠠᠶᠠᠯᠢᠭ ᠤᠨ | ᠡᠯᠧᠮᠧᠨ᠋ᠲ ᠤᠨ ᠲᠦᠷᠭᠡᠨ | ᠭᠦᠢᠯᠭᠡᠭᠡᠭᠳᠡᠬᠦ᠂ ᠡᠯ᠎ᠡ ᠲᠥᠷᠥᠯ ᠤᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠲᠦᠷᠭᠡᠨ ᠠᠭᠤᠰᠤᠯᠴᠠᠬᠤ ᠶᠢ ᠠᠬᠢᠭᠤᠯᠵᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠬᠠᠪᠰᠤᠷᠤᠨ ᠵᠣᠬᠢᠶᠠᠨ ᠪᠠᠶᠢᠭᠤᠯᠤᠯᠲᠠ ᠶᠢᠨ | ᠵᠠᠭᠪᠤᠷ ᠢ ᠳᠠᠬᠢᠨ ᠪᠦᠷᠢᠯᠳᠦᠭᠦᠯᠵᠦ᠂ ᠬᠢᠯᠢ | ᠠᠯᠤᠰᠯᠠᠨ ᠬᠥᠭᠵᠢᠬᠦ ᠶᠢ ᠪᠡᠶᠡᠯᠡᠭᠦᠯᠵᠦ᠂ | ᠴᠠᠭ ᠬᠤᠭᠤᠴᠠᠭ᠎ᠠ ᠪᠠ ᠣᠷᠣᠨ ᠵᠠᠶ ᠶᠢᠨ | ᠬᠢᠵᠠᠭᠠᠷᠯᠠᠯ ᠢ ᠡᠪᠳᠡᠵᠦ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠠᠵᠤ | ᠠᠬᠤᠶ ᠶᠢᠨ ᠡᠷᠭᠢᠯᠲᠡ ᠶᠢ ᠰᠢᠯᠤᠭᠤᠳᠬᠠᠵᠤ | ᠪᠣᠯᠣᠨ᠎ᠠ᠃ ᠬᠤᠶᠠᠷ ᠲᠤ᠂ ᠲᠣᠭᠠᠴᠢᠯᠠᠭᠰᠠᠨ | ᠠᠵᠤ ᠠᠬᠤᠢ ᠶᠢᠨ ᠡᠷᠡᠭᠦᠯ ᠢᠶᠠᠷ | ᠬᠥᠭᠵᠢᠬᠦ ᠨᠢ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠪᠠᠶᠢᠭᠤᠯᠬᠤ ᠶᠢ | ᠠᠬᠢᠭᠤᠯᠬᠤ ᠳᠤ ᠠᠰᠢᠭᠲᠠᠢ ᠶᠤᠮ᠂ | ᠲᠣᠭᠠᠴᠢᠯᠠᠭᠰᠠᠨ ᠠᠵᠤ ᠠᠬᠤᠢ ᠨᠢ ᠳᠡᠭᠡᠳᠦ | ᠭᠡᠮᠵᠢᠶᠡᠨ ᠤ ᠰᠢᠨ᠎ᠡ ᠡᠭᠦᠳᠦᠯᠲᠡ ᠶᠢᠨ | ᠴᠢᠨᠠᠷ᠂ ᠴᠢᠩᠭ᠎ᠠ ᠨᠡᠪᠴᠢᠯᠲᠡ ᠶᠢᠨ ᠴᠢᠨᠠᠷ᠂ | ᠥᠷᠭᠡᠨ ᠪᠦᠷᠬᠦᠴᠡ ᠶᠢᠨ ᠴᠢᠨᠠᠷ ᠲᠠᠢ | ᠪᠠᠶᠢᠵᠤ᠂ ᠰᠢᠨ᠎ᠡ ᠠᠵᠤ ᠠᠬᠤᠢ ᠶᠢᠨ | ᠨᠡᠮᠡᠭᠳᠡᠯ ᠤᠨ ᠴᠡᠭ ᠪᠣᠯᠬᠤ ᠪᠦᠭᠡᠳ | ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠬᠦ | ᠲᠤᠯᠭᠠᠭᠤᠷᠢᠯᠠᠯ ᠴᠡᠭ ᠪᠠᠶᠢᠵᠤ᠂ | ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠪᠠᠶᠢᠭᠤᠯᠬᠤ ᠴᠢᠬᠤᠯᠠ | ᠬᠥᠳᠡᠯᠭᠡᠭᠦᠷ ᠪᠤᠯᠵᠤ ᠪᠣᠯᠣᠨ᠎ᠠ᠃ | ᠭᠤᠷᠪᠠ ᠳᠤ᠂ ᠲᠣᠭᠠᠴᠢᠯᠠᠭᠰᠠᠨ ᠠᠵᠤ | ᠠᠬᠤᠢ ᠶᠢᠨ ᠡᠷᠡᠭᠦᠯ ᠢᠶᠠᠷ ᠬᠥᠭᠵᠢᠬᠦ ᠨᠢ | ᠤᠯᠤᠰ ᠤᠨ ᠥᠷᠢᠰᠦᠯᠳᠦᠭᠡᠨ ᠤ ᠰᠢᠨ᠎ᠡ | ᠳᠠᠪᠠᠭᠤᠯᠢᠭ ᠢ ᠪᠠᠶᠢᠭᠤᠯᠬᠤ ᠳᠤ ᠠᠰᠢᠭᠲᠠᠢ | ᠶᠤᠮ᠂ ᠣᠳᠣᠬᠠᠨ ᠤ ᠴᠠᠭ ᠦᠶ᠎ᠡ ᠳᠤ᠂ | ᠲᠣᠭᠠᠴᠢᠯᠠᠭᠰᠠᠨ ᠮᠡᠷᠭᠡᠵᠢᠯ᠂ | ᠲᠣᠭᠠᠴᠢᠯᠠᠭᠰᠠᠨ ᠠᠵᠤ ᠠᠬᠤᠢ ᠪᠣᠯ | ᠳᠡᠯᠡᠬᠡᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ | ᠠᠵᠤ ᠦᠢᠯᠡᠰ ᠤᠨ ᠬᠤᠪᠢᠰᠤᠯᠲᠠ ᠶᠢᠨ | ᠲᠡᠷᠢᠭᠦᠨ ᠠᠵᠠ ᠲᠣᠬᠢᠶᠠᠯ᠂ ᠰᠢᠨ᠎ᠡ ᠨᠢᠭᠡ | ᠡᠭᠡᠯᠵᠢ ᠶᠢᠨ ᠤᠯᠠᠨ ᠤᠯᠤᠰ ᠤᠨ | ᠥᠷᠢᠰᠥᠯᠳᠦᠭᠡᠨ ᠤ ᠭᠤᠣᠯᠳᠠᠯᠭ᠎ᠠ ᠲᠠᠢ | ᠬᠦᠷᠢᠶ᠎ᠡ ᠪᠣᠯᠣᠨ᠎ᠠ᠂ ᠪᠢᠳᠡ ᠠᠵᠠ | ᠲᠣᠬᠢᠶᠠᠯ ᠢ ᠠᠮᠵᠢᠵᠤ᠂ ᠢᠷᠡᠭᠡᠳᠦᠢ ᠶᠢᠨ | ᠬᠥᠭᠵᠢᠯᠲᠡ ᠶᠢᠨ ᠠᠰᠢᠭᠲᠠᠢ ᠪᠠᠶᠢᠷᠢ ᠶᠢ | ᠡᠵᠡᠯᠡᠬᠦ ᠬᠡᠷᠡᠭᠲᠡᠢ ᠭᠡᠵᠤ | ᠴᠢᠬᠤᠯᠠᠴᠢᠯᠠᠪᠠ᠃ ᠰᠢ ᠶᠢᠨ ᠫᠢᠩ᠂ | ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠴᠢᠩᠭᠠᠳᠬᠠᠵᠤ᠂ | ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠡᠨᠡ ᠬᠦ ᠵᠠᠩᠭᠢᠯᠠᠭ᠎ᠠ ᠶᠢ | ᠠᠳᠬᠤᠵᠤ᠂ ᠮᠠᠨ ᠤ ᠤᠯᠤᠰ ᠤᠨ ᠨᠡᠶᠢᠭᠡᠮ | ᠵᠢᠷᠤᠮ ᠤᠨ ᠪᠠᠶᠢᠭᠤᠯᠤᠯ ᠤᠨ ᠳᠠᠪᠠᠭᠤᠯᠢᠭ᠂ | ᠰᠢᠨ᠎ᠡ ᠮᠠᠶ᠋ᠢᠭ ᠤᠨ ᠤᠯᠤᠰ | ᠳᠠᠶᠠᠭᠠᠷᠴᠢᠯᠠᠬᠰᠠᠨ ᠪᠠᠶᠢᠭᠤᠯᠤᠯ ᠤᠨ | ᠳᠠᠪᠠᠭᠤᠯᠢᠭ᠂ ᠬᠡᠳᠦ ᠶᠡᠭᠡ ᠬᠡᠪᠴᠢᠶᠡᠨ ᠤ | ᠵᠠᠬ᠎ᠠ ᠳᠡᠯᠭᠡᠭᠦᠷ ᠤᠨ ᠳᠠᠪᠠᠭᠤᠯᠢᠭ ᠢ | ᠪᠠᠳᠠᠷᠠᠭᠤᠯᠵᠤ᠂ ᠲᠣᠭᠠᠴᠢᠯᠠᠭᠰᠠᠨ | ᠮᠡᠷᠭᠡᠵᠢᠯ ᠤᠨ ᠰᠠᠭᠤᠷᠢ ᠰᠤᠳᠤᠯᠤᠨ | ᠨᠡᠭᠡᠭᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠵᠦ᠂ ᠥᠨᠳᠥᠷ ᠲᠦᠪᠰᠢᠨ ᠪᠦᠬᠦᠢ ᠪᠡᠶ᠎ᠡ ᠪᠠᠨ | ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠲᠦᠷᠭᠡᠨ | ᠪᠡᠶᠡᠯᠡᠭᠦᠯᠵᠦ᠂ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠶᠢᠨ ᠡᠵᠡᠨ ᠮᠡᠳᠡᠬᠦ | ᠡᠷᠬᠡ ᠶᠢ ᠥᠪᠡᠷ ᠤᠨ ᠭᠠᠷ ᠲᠠᠭᠠᠨ ᠪᠠᠲᠤ | ᠡᠵᠡᠮᠳᠡᠬᠦ ᠬᠡᠷᠡᠭᠲᠡᠢ ᠭᠡᠵᠤ ᠵᠢᠭᠠᠵᠤ | ᠭᠠᠷᠭᠠᠪᠠ᠃ ᠰᠢ ᠶᠢᠨ ᠫᠢᠩ᠂ ᠰᠢᠨ᠎ᠡ | ᠬᠡᠯᠪᠡᠷᠢ ᠶᠢᠨ ᠰᠠᠭᠤᠷᠢ | ᠲᠥᠬᠦᠭᠡᠷᠦᠮᠵᠢ ᠶᠢᠨ ᠪᠦᠳᠦᠬᠡᠨ | ᠪᠠᠶᠢᠭᠤᠯᠤᠯᠲᠠ ᠶᠢ ᠲᠦᠷᠭᠡᠳᠭᠡᠵᠦ᠂ | ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠴᠢᠩᠭᠠᠳᠬᠠᠵᠤ᠂ | ᠥᠨᠳᠥᠷ ᠬᠤᠷᠳᠤᠴᠠᠲᠤ ᠦᠷᠭᠡᠨ ᠳᠡᠯᠭᠡᠷ᠂ ᠲᠩᠷᠢ | ᠭᠠᠵᠠᠷ ᠢ ᠨᠢᠭᠡ ᠴᠤᠬᠴᠠᠵᠢᠭᠤᠯᠤᠭᠰᠠᠨ᠂ | ᠡᠭᠦᠯᠡ ᠰᠦᠯᠵᠢᠶ᠎ᠡ ᠶᠢ | ᠠᠭᠤᠰᠤᠯᠴᠠᠭᠤᠯᠤᠭᠰᠠᠨ᠂ ᠣᠶᠤᠨᠴᠢ ᠲᠦᠷᠭᠡᠨ᠂ | ᠪᠣᠬᠢᠷᠲᠤᠯ ᠦᠬᠡᠢ ᠨᠡᠭᠦᠷᠡᠰᠦᠳᠦ᠋ᠷᠦᠭᠴᠢ | ᠪᠠᠭ᠎ᠠ ᠭᠠᠳᠠᠭᠰᠢᠯᠠᠭᠤᠯᠬᠤ᠂ ᠠᠮᠤᠷ | ᠲᠦᠪᠰᠢᠨ ᠢ ᠡᠵᠡᠮᠳᠡᠵᠦ ᠳᠡᠶᠢᠯᠬᠦ | ᠤᠶᠤᠨᠴᠢᠯᠠᠬᠰᠠᠨ ᠶᠡᠷᠦᠩᠬᠡᠶᠢᠯᠡᠭᠰᠡᠨ | ᠴᠢᠨᠠᠷᠲᠠᠢ ᠲᠣᠭᠠᠴᠢᠯᠠᠭᠰᠠᠨ ᠮᠡᠳᠡᠭᠡ | ᠵᠠᠩᠭᠢ ᠶᠢᠨ ᠰᠠᠭᠤᠷᠢ ᠲᠥᠬᠦᠭᠡᠷᠦᠮᠵᠢ ᠶᠢ | ᠲᠦᠷᠭᠡᠳᠭᠡᠨ ᠪᠦᠳᠦᠬᠡᠨ ᠪᠠᠶᠢᠭᠤᠯᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ | ᠮᠡᠳᠡᠭᠡ ᠵᠠᠩᠭᠢ ᠶᠢᠨ ︽ᠭᠤᠣᠯ ᠰᠤᠳᠠᠰᠤ︾ ᠶᠢ | ᠨᠡᠪᠲᠡᠷᠡᠭᠦᠯᠬᠦ ᠬᠡᠷᠡᠭᠲᠡᠢ᠃ ᠠᠵᠤ | ᠦᠢᠯᠡᠰᠵᠢᠭᠰᠡᠨ᠂ ᠬᠡᠪᠴᠢᠶᠡᠵᠢᠭᠰᠡᠨ | ᠬᠡᠷᠡᠭᠯᠡᠭᠡ ᠶᠢ ᠪᠦᠬᠦ ᠲᠠᠯ᠎ᠠ ᠪᠠᠷ | ᠠᠬᠢᠭᠤᠯᠵᠤ᠂ ᠵᠠᠩᠭᠢᠯᠠᠭ᠎ᠠ ᠶᠢᠨ ᠵᠥᠭᠡᠯᠡᠨ | ᠲᠤᠨᠤᠭ ᠤᠨ ᠪᠤᠭᠤᠮᠳᠠ ᠶᠢ | ᠭᠤᠣᠯᠳᠠᠯᠭ᠎ᠠ ᠲᠠᠢ ᠰᠢᠪᠳᠤᠯᠤᠨ᠂ ᠵᠦᠭᠡᠯᠡᠨ | ᠲᠤᠨᠤᠬ ᠤᠨ ᠠᠵᠤ ᠦᠢᠯᠡᠰ ᠢ | ᠪᠣᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠠᠬᠢᠭᠤᠯᠵᠤ᠂ | ᠵᠠᠩᠭᠢᠯᠠᠭ᠎ᠠ ᠶᠢᠨ ᠵᠥᠭᠡᠯᠡᠨ ᠲᠤᠨᠤᠭ ᠤᠨ | ᠮᠡᠷᠭᠡᠵᠢᠯ ᠤᠨ ᠰᠢᠨ᠎ᠡ ᠶᠢ ᠡᠭᠦᠳᠬᠦ ᠪᠠ | ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ ᠰᠢ ᠶᠢᠨ ᠫᠢᠩ᠂ | ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ | ᠴᠣᠭᠴᠠ ᠶᠢᠨ ᠠᠵᠤ ᠠᠬᠤᠢ ᠶᠢᠨ ᠠᠭᠤᠰᠤᠯᠴᠠᠨ | ᠬᠥᠭᠵᠢᠬᠦ ᠶᠢ ᠠᠬᠢᠭᠤᠯᠵᠤ᠂ | ᠲᠣᠭᠠᠴᠢᠯᠠᠭᠰᠠᠨ᠂ ᠰᠦᠯᠵᠢᠶᠡᠵᠢᠭᠰᠡᠨ᠂ | ᠤᠶᠤᠨᠴᠢᠯᠠᠬᠰᠠᠨ ᠴᠢᠭᠯᠡᠯ ᠢ ᠡᠵᠡᠮᠳᠡᠵᠦ᠂ | ᠦᠢᠯᠡᠳᠬᠦ ᠦᠢᠯᠡᠰ᠂ ᠦᠢᠯᠡᠴᠢᠯᠡᠭᠡᠨ ᠤ | ᠦᠢᠯᠡᠰ᠂ ᠬᠥᠳᠡᠭᠡ ᠠᠵᠤ ᠠᠬᠤᠢ ᠵᠡᠷᠭᠡ ᠠᠵᠤ | ᠦᠢᠯᠡᠰ ᠤᠨ ᠲᠣᠭᠠᠴᠢᠯᠠᠯᠲᠠ ᠶᠢ | ᠠᠬᠢᠭᠤᠯᠵᠤ᠂ ᠢᠨᠲ᠋ᠧᠷ ᠰᠦᠯᠵᠢᠶᠡᠨ ᠤ ᠰᠢᠨ᠎ᠡ | ᠮᠡᠷᠭᠡᠵᠢᠯ ᠢ ᠠᠰᠢᠭᠯᠠᠨ ᠤᠯᠠᠮᠵᠢᠯᠠᠯᠲᠤ | ᠠᠵᠤ ᠦᠢᠯᠡᠰ ᠲᠤ ᠪᠦᠬᠦ ᠲᠠᠯ᠎ᠠ ᠶᠢᠨ᠂ ᠪᠦᠬᠦ | ᠬᠡᠯᠬᠢᠶᠡᠨ ᠤ ᠥᠭᠡᠷᠡᠴᠢᠯᠡᠯᠲᠡ ᠬᠢᠵᠦ᠂ | ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ | ᠨᠤᠷᠮ᠎ᠠ ᠶᠢ ᠳᠡᠭᠡᠭᠰᠢᠯᠡᠭᠦᠯᠵᠦ᠂ | ᠲᠣᠭᠠᠴᠢᠯᠠᠭᠰᠠᠨ ᠮᠡᠷᠭᠡᠵᠢᠯ ᠤᠨ ᠠᠵᠤ | ᠠᠬᠤᠢ ᠶᠢᠨ ᠬᠥᠭᠵᠢᠯᠲᠡ ᠳᠤ ᠦᠵᠡᠭᠦᠯᠬᠦ | ᠲᠣᠮᠣᠷᠠᠭᠤᠯᠬᠤ᠂ ᠳᠠᠪᠬᠤᠴᠠᠭᠤᠯᠬᠤ᠂ | ᠳᠠᠬᠢᠨ ᠢᠶᠠᠷ ᠨᠡᠮᠡᠭᠳᠡᠭᠦᠯᠬᠦ | ᠦᠢᠯᠡᠳᠦᠯ ᠢ ᠪᠠᠳᠠᠷᠠᠭᠤᠯᠬᠤ ᠬᠡᠷᠡᠭᠲᠡᠢ᠃ | ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ | ᠵᠣᠬᠢᠶᠠᠮᠠᠯ ᠤᠶᠤᠨ ᠴᠢᠳᠠᠪᠤᠷᠢ ᠪᠣᠯᠤᠨ ᠠᠵᠤ | ᠦᠢᠯᠡᠰ ᠤᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠨᠢᠭᠡ ᠪᠦᠯᠦᠭ ︽ᠲᠤᠰᠬᠠᠢ | ᠨᠠᠷᠢᠯᠢᠭ ᠣᠨᠴᠠᠭᠠᠢ ᠰᠢᠨ᠎ᠡ︾ ᠠᠵᠤ | ᠠᠬᠤᠶᠢᠯᠠᠯ ᠪᠣᠯᠣᠨ ᠦᠢᠯᠡᠳᠬᠦ ᠦᠢᠯᠡᠰ ᠤᠨ | ᠲᠠᠩ ᠲᠦᠷᠦᠯ ᠤᠨ ᠮᠠᠩᠯᠠᠢ ᠠᠵᠤ ᠠᠬᠤᠶᠢᠯᠠᠯ ᠢ | ᠲᠦᠷᠭᠡᠨ ᠪᠣᠶᠢᠵᠢᠭᠤᠯᠬᠤ ᠬᠡᠷᠡᠭᠲᠡᠢ᠃ | ᠭᠤᠣᠯᠳᠠᠯᠭ᠎ᠠ ᠲᠠᠢ ᠬᠦᠷᠢᠶᠡᠨ ᠤ | ᠲᠣᠭᠠᠴᠢᠯᠠᠭᠰᠠᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠪᠠᠶᠢᠯᠳᠤᠬᠤ | ᠪᠣᠳᠣᠯᠭ᠎ᠠ ᠶᠢᠨ ᠬᠤᠰᠢᠭᠤᠷᠠᠯ ᠪᠠ ᠠᠰᠢᠭᠲᠠᠢ | ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠬᠤᠯᠠ ᠶᠡᠭᠡ | ᠮᠡᠷᠭᠡᠵᠢᠯ ᠤᠨ ᠰᠢᠪᠲᠤᠯᠤᠯᠲᠠ ᠪᠠ ᠴᠢᠬᠤᠯᠠ | ᠶᠡᠭᠡ ᠬᠥᠭᠵᠢᠯᠲᠡ ᠶᠢᠨ ᠬᠡᠷᠡᠭᠴᠡᠭᠡ ᠳᠤ | ᠰᠠᠭᠤᠷᠢᠯᠠᠵᠤ᠂ ᠠᠵᠤ ᠦᠢᠯᠡᠰ ᠤᠨ | ᠬᠡᠯᠬᠢᠶ᠎ᠡ ᠶᠢᠨ ᠵᠠᠩᠭᠢᠯᠠᠭ᠎ᠠ ᠶᠢᠨ | ᠭᠤᠭᠴᠤᠭ᠎ᠠ ᠶᠢᠨ ᠦᠷᠢᠰᠦᠯᠳᠦᠬᠦ ᠬᠦᠴᠦᠨ ᠢ | ᠴᠢᠩᠭᠠᠳᠬᠠᠵᠤ᠂ ᠭᠤᠣᠯᠳᠠᠯᠭ᠎ᠠ ᠲᠠᠢ ᠠᠵᠤ | ᠦᠢᠯᠡᠰ ᠤᠨ ᠬᠠᠩᠭᠠᠯᠭ᠎ᠠ ᠶᠢᠨ | ᠬᠡᠯᠬᠢᠶ᠎ᠡ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠦᠢᠯᠡᠳᠬᠦᠨ ᠪᠠ | ᠦᠢᠯᠡᠴᠢᠯᠡᠭᠡ ᠶᠢᠨ ᠰᠣᠯᠢᠭᠳᠠᠯ ᠢ | ᠲᠦᠷᠭᠡᠳᠭᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠰᠢ ᠶᠢᠨ ᠫᠢᠩ᠂ | ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢ ᠵᠢᠷᠤᠮᠵᠢᠭᠤᠯᠵᠤ᠂ | ᠬᠥᠭᠵᠢᠯᠲᠡ ᠶᠢ ᠠᠬᠢᠭᠤᠯᠬᠤ ᠪᠠ ᠬᠢᠨᠠᠯᠲᠠ | ᠬᠠᠮᠢᠶᠠᠷᠤᠯᠲᠠ ᠶᠢᠨ ᠵᠢᠷᠤᠮᠵᠢᠯ ᠢ | ᠵᠡᠷᠭᠡ ᠪᠠᠷ ᠠᠳᠬᠤᠨ᠂ ᠬᠤᠶᠠᠷ ᠲᠠᠯ᠎ᠠ ᠶᠢ | ᠴᠥᠮ ᠴᠢᠩᠭ᠎ᠠ ᠠᠳᠬᠤᠬᠤ ᠶᠢ ᠪᠠᠷᠢᠮᠳᠠᠯᠠᠨ᠂ | ᠬᠥᠭᠵᠢᠯᠲᠡ ᠶᠢᠨ ᠳᠤᠮᠳᠠ ᠵᠢᠷᠤᠮᠵᠢᠭᠤᠯᠬᠤ᠂ | ᠵᠢᠷᠤᠮᠵᠢᠯ ᠤᠨ ᠳᠤᠮᠳᠠ ᠬᠥᠭᠵᠢᠭᠦᠯᠬᠦ | ᠬᠡᠷᠡᠭᠲᠡᠢ᠃ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠳᠦᠷᠢᠮ᠂ ᠡᠷᠬᠡ | ᠲᠡᠭᠰᠢ ᠥᠷᠢᠰᠥᠯᠳᠦᠭᠡᠨ ᠢ ᠬᠢᠨᠠᠨ | ᠪᠠᠶᠢᠴᠠᠭᠠᠬᠤ ᠳᠦᠷᠢᠮ᠂ ᠡᠷᠬᠡ ᠲᠡᠭᠰᠢ | ᠥᠷᠢᠰᠥᠯᠳᠦᠭᠡᠨ ᠢ ᠬᠢᠨᠠᠨ ᠬᠠᠮᠢᠶᠠᠷᠬᠤ | ᠳᠦᠷᠢᠮ ᠢ ᠪᠦᠷᠢᠨᠰᠢᠭᠦᠯᠵᠦ᠂ ᠪᠦᠬᠦ | ᠲᠠᠯ᠎ᠠ ᠶᠢᠨ᠂ ᠤᠯᠠᠨ ᠳᠡᠰ | ᠳᠠᠪᠬᠤᠷᠭ᠎ᠠ ᠶᠢᠨ᠂ ᠪᠣᠰᠤᠭ᠎ᠠ ᠴᠣᠭᠴᠠᠲᠤ | ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠵᠤ᠂ ᠤᠴᠢᠷ | ᠶᠠᠪᠤᠳᠠᠯ ᠤᠨ ᠡᠮᠦᠨ᠎ᠡ ᠬᠤᠶᠢᠨᠠᠬᠢ ᠪᠦᠬᠦ | ᠬᠡᠯᠬᠢᠶᠡᠨ ᠤ ᠪᠦᠬᠦ ᠬᠦᠷᠢᠶᠡᠨ ᠤ ᠬᠢᠨᠠᠯᠲᠠ | ᠬᠠᠮᠢᠶᠠᠷᠤᠯᠲᠠ ᠶᠢ ᠪᠡᠶᠡᠯᠡᠭᠦᠯᠬᠦ | ᠬᠡᠷᠡᠭᠲᠡᠢ᠃ ᠬᠥᠭᠵᠢᠯᠲᠡ ᠶᠢᠨ ᠶᠠᠪᠤᠴᠠ ᠳᠤ | ᠣᠯᠠᠨ ᠲᠦᠮᠡᠨ ᠤ ᠠᠰᠢᠭ ᠲᠤᠰᠠ ᠶᠢ | ᠬᠤᠬᠢᠷᠠᠭᠤᠯᠤᠭᠰᠠᠨ᠂ ᠭᠤᠣᠯᠴᠢ | ᠥᠷᠢᠰᠥᠯᠳᠦᠭᠡᠨ ᠢ ᠬᠠᠷᠰᠢᠯᠠᠭᠰᠠᠨ ᠦᠢᠯᠡ | ᠠᠵᠢᠯᠯᠠᠭ᠎ᠠ ᠪᠠ ᠠᠷᠭ᠎ᠠ ᠬᠢᠳᠡᠯ ᠢ | ᠵᠠᠯᠠᠷᠠᠭᠤᠯᠤᠨ ᠵᠢᠷᠤᠮᠵᠢᠭᠤᠯᠵᠤ᠂ | ᠲᠠᠪᠴᠠᠩ ᠤᠨ ᠭᠠᠭᠴᠠᠭᠠᠷ ᠡᠵᠡᠷᠬᠡᠬᠦ ᠪᠠ | ᠬᠦᠷᠦᠩᠭᠡ ᠶᠢᠨ ᠡᠮᠬᠢ ᠵᠢᠷᠤᠮ ᠦᠭᠡᠢ | ᠥᠷᠭᠡᠳᠬᠦ ᠶᠢ ᠰᠡᠷᠭᠡᠶᠢᠯᠡᠨ ᠬᠤᠷᠢᠭᠯᠠᠵᠤ᠂ | ᠭᠠᠭᠴᠠᠭᠠᠷ ᠡᠵᠡᠷᠭᠡᠬᠦ ᠪᠠ ᠵᠦᠢ ᠪᠤᠰᠤ | ᠥᠷᠢᠰᠥᠯᠳᠦᠭᠡᠨ ᠤ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠲᠠᠪᠴᠠᠩ ᠤᠨ | ᠠᠵᠢᠯᠳᠠᠳ ᠪᠠ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ | ᠬᠡᠷᠡᠭᠲᠡᠢ᠃ ᠭᠠᠶᠢᠯᠢ ᠲᠠᠲᠠᠪᠤᠷᠢ ᠶᠢᠨ | ᠬᠢᠨᠠᠯᠲᠠ ᠬᠠᠮᠢᠶᠠᠷᠤᠯᠲᠠ ᠪᠠ ᠭᠠᠶᠢᠯᠢ ᠶᠢᠨ | ᠶᠠᠪᠤᠳᠠᠯ ᠤᠨ ᠪᠠᠶᠢᠴᠠᠭᠠᠯᠲᠠ ᠶᠢ | ᠴᠢᠩᠭᠠᠳᠬᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠰᠢ ᠶᠢᠨ ᠫᠢᠩ᠂ | ᠲᠣᠭᠠᠴᠢᠯᠠᠭᠰᠠᠨ ᠠᠵᠤ ᠠᠬᠤᠶ ᠶᠢᠨ | ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠬᠠᠤᠯᠢ ᠴᠠᠭᠠᠵᠠ | ᠬᠠᠤᠯᠢ ᠲᠣᠭᠲᠠᠭᠠᠯ ᠪᠣᠯᠤᠨ ᠲᠥᠷᠥ ᠶᠢᠨ | ᠪᠣᠳᠣᠯᠭ᠎ᠠ ᠲᠦᠷᠢᠮ ᠢ ᠪᠦᠷᠢᠨᠰᠢᠭᠦᠯᠦᠨ᠂ | ᠪᠠᠶᠢᠭᠤᠯᠤᠮᠵᠢ ᠲᠣᠭᠲᠠᠴᠠ ᠶᠢ | ᠲᠡᠭᠦᠯᠳᠡᠷᠵᠢᠭᠦᠯᠵᠦ᠂ ᠮᠠᠨ ᠤ ᠤᠯᠤᠰ ᠤᠨ | ᠲᠣᠭᠠᠴᠢᠯᠠᠭᠰᠠᠨ ᠠᠵᠤ ᠠᠬᠤᠶ ᠶᠢᠨ | ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ᠂ ᠬᠢᠨᠠᠨ | ᠬᠠᠮᠢᠶᠠᠷᠬᠤ ᠪᠠᠶᠢᠭᠤᠯᠤᠮᠵᠢ ᠶᠢᠨ ᠡᠭᠦᠷᠭᠡ | ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ | ᠠᠵᠢᠯ ᠢᠶᠠᠨ ᠬᠤᠪᠢᠶᠠᠷᠢᠯᠠᠨ | ᠬᠠᠮᠲᠤᠷᠠᠯᠴᠠᠵᠤ᠂ ᠬᠠᠷᠢᠯᠴᠠᠨ | ᠬᠠᠮᠵᠢᠯᠴᠠᠬᠤ ᠬᠡᠷᠡᠭᠲᠡᠢ᠃ ᠬᠢᠨᠠᠨ | ᠬᠠᠮᠢᠶᠠᠷᠬᠤ ᠮᠡᠷᠭᠡᠵᠢᠯ ᠪᠠ ᠠᠷᠭ᠎ᠠ | ᠪᠠᠷᠢᠯ ᠢᠶᠠᠨ ᠰᠠᠶᠢᠵᠢᠷᠠᠭᠤᠯᠤᠨ | ᠳᠡᠭᠡᠭᠰᠢᠯᠡᠭᠦᠯᠵᠦ᠂ ᠬᠢᠨᠠᠨ ᠬᠠᠮᠢᠶᠠᠷᠬᠤ | ᠪᠠ ᠵᠠᠰᠠᠬᠤ ᠶᠢ ᠰᠢᠨ᠎ᠡ ᠶᠢ ᠡᠭᠦᠳᠬᠦ᠂ | ᠦᠢᠯᠡᠳᠪᠦᠷᠢᠯᠡᠬᠦ᠂ ᠡᠵᠡᠩᠨᠡᠬᠦ᠂ ᠪᠡᠯᠡ | ᠣᠷᠣᠭᠤᠯᠬᠤ ᠪᠦᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ᠃ ᠲᠠᠪᠴᠠᠩᠳᠦ | ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠪᠠ ᠡᠭᠦᠷᠭᠡ ᠶᠢ | ᠲᠣᠳᠣᠷᠬᠠᠶᠢᠯᠠᠵᠤ᠂ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ᠨᠡᠶᠢᠭᠡᠮ ᠤᠨ | ᠬᠢᠨᠠᠯᠲᠠ᠂ ᠵᠠᠭᠤᠴᠢᠯᠠᠭᠤᠷ ᠤᠨ ᠬᠢᠨᠠᠯᠲᠠ᠂ | ᠤᠯᠠᠨ ᠨᠡᠶᠢᠲᠡ ᠶᠢᠨ ᠬᠢᠨᠠᠯᠲᠠ ᠶᠢ | ᠥᠷᠨᠢᠭᠦᠯᠵᠦ᠂ ᠬᠢᠨᠠᠯᠲᠠ ᠲᠠᠯᠪᠢᠬᠤ | ᠨᠡᠶᠢᠯᠡᠯ ᠬᠦᠴᠦᠨ ᠢ ᠪᠤᠢ ᠪᠣᠯᠭᠠᠬᠤ | ᠬᠡᠷᠡᠭᠲᠡᠢ᠃ ᠤᠯᠤᠰ ᠤᠨ ᠠᠮᠤᠷ ᠲᠦᠪᠰᠢᠨ ᠤ | ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ | ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠤᠨᠤᠯ ᠤᠨ ᠰᠤᠳᠤᠯᠭᠠᠨ ᠢ | ᠴᠢᠩᠭᠠᠳᠬᠠᠵᠤ᠂ ᠲᠣᠭᠠᠴᠢᠯᠠᠭᠰᠠᠨ | ᠮᠡᠷᠭᠡᠵᠢᠯ ᠪᠣᠯᠤᠨ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠳᠤ ᠬᠤᠯᠪᠣᠭᠳᠠᠬᠤ | ᠠᠰᠠᠭᠤᠳᠠᠯ ᠤᠨ ᠲᠤᠬᠠᠢ ᠠᠷᠭᠠᠴᠠᠭᠠᠬᠤ | ᠪᠣᠳᠣᠯᠭ᠎ᠠ ᠰᠠᠨᠠᠭᠤᠯᠭ᠎ᠠ ᠳᠤᠷᠠᠳᠬᠤ | ᠬᠡᠷᠡᠭᠲᠡᠢ᠃ ᠲᠣᠭᠠᠴᠢᠯᠠᠭᠰᠠᠨ ᠠᠵᠤ | ᠠᠬᠤᠢ ᠶᠢᠨ ᠤᠯᠠᠨ ᠤᠯᠤᠰ ᠤᠨ | ᠬᠠᠮᠲᠤᠷᠠᠯᠴᠠᠭ᠎ᠠ ᠳᠤ ᠢᠳᠡᠪᠬᠢᠲᠡᠢ | ᠣᠷᠣᠯᠴᠠᠵᠤ᠂ ᠤᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠲᠣᠭᠠᠴᠢᠯᠠᠭᠰᠠᠨ ᠠᠵᠤ | ᠠᠬᠤᠢ ᠶᠢᠨ ᠵᠥᠪᠯᠡᠬᠦ ᠰᠡᠳᠦᠪ ᠤᠨ | ᠬᠡᠯᠡᠯᠴᠡᠭᠡ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ | ᠬᠤᠣᠰ ᠲᠠᠯᠠᠳᠦ ᠪᠠ ᠤᠯᠠᠨ ᠲᠠᠯᠠᠲᠤ | ᠲᠣᠭᠠᠴᠢᠯᠠᠭᠰᠠᠨ ᠵᠠᠰᠠᠯᠲᠠ ᠶᠢᠨ | ᠬᠠᠮᠲᠤᠷᠠᠯᠴᠠᠭ᠎ᠠ ᠥᠷᠨᠢᠭᠦᠯᠵᠦ᠂ ᠤᠯᠠᠨ | ᠲᠠᠯᠠᠲᠤ ᠲᠣᠭᠠᠴᠢᠯᠠᠭᠰᠠᠨ ᠠᠵᠤ ᠠᠬᠤᠢ ᠶᠢᠨ | ᠵᠠᠰᠠᠯᠲᠠ ᠶᠢᠨ ᠲᠣᠭᠲᠠᠴᠠ ᠶᠢ ᠬᠠᠮᠠᠭᠠᠯᠠᠨ | ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ | ᠲᠥᠰᠦᠯ ᠢ ᠴᠠᠭ ᠲᠤᠬᠠᠢ ᠳᠤᠨᠢ ᠳᠤᠷᠠᠳᠴᠤ᠂ | ᠳᠤᠮᠳᠠᠳᠤ ᠤᠯᠤᠰ ᠤᠨ ᠳᠠᠭᠤᠨ ᠢ | ᠴᠤᠤᠷᠢᠶᠠᠲᠤᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠰᠢ ᠶᠢᠨ ᠫᠢᠩ᠂ | ᠲᠣᠭᠠᠴᠢᠯᠠᠭᠰᠠᠨ ᠠᠵᠤ ᠠᠬᠤᠢ ᠨᠢ ᠤᠯᠤᠰ ᠤᠨ | ᠬᠥᠭᠵᠢᠯᠲᠡ ᠶᠢᠨ ᠶᠡᠭᠡ ᠲᠠᠯ᠎ᠠ ᠳᠤ | ᠬᠤᠯᠪᠣᠭᠳᠠᠵᠤ ᠪᠤᠢ᠂ ᠮᠠᠨ ᠤ ᠤᠯᠤᠰ ᠤᠨ | ᠲᠣᠭᠠᠴᠢᠯᠠᠭᠰᠠᠨ ᠠᠵᠤ ᠠᠬᠤᠢ ᠶᠢᠨ | ᠬᠥᠭᠵᠢᠯᠲᠡ ᠶᠢᠨ ᠦᠵᠦ ᠲᠥᠯᠥᠪᠯᠡᠭᠡ ᠪᠣᠯᠤᠨ | ᠪᠠᠶᠢᠭᠤᠯᠤᠮᠵᠢ ᠲᠣᠭᠲᠠᠴᠠ ᠶᠢᠨ | ᠪᠠᠶᠢᠭᠤᠯᠤᠯᠲᠠ ᠶᠢ ᠰᠠᠶᠢᠲᠤᠷ ᠬᠢᠵᠦ᠂ | ᠪᠠᠶᠢᠳᠠᠯ ᠢ ᠰᠤᠳᠤᠯᠤᠨ ᠮᠠᠭᠠᠳᠯᠠᠬᠤ ᠪᠠᠨ | ᠴᠢᠩᠭᠠᠳᠬᠠᠨ᠂ ᠠᠵᠠ ᠲᠣᠬᠢᠶᠠᠯ ᠢ ᠠᠮᠵᠢᠵᠤ᠂ | ᠰᠠᠨᠠᠭᠠᠴᠢᠯᠠᠭᠠᠲᠤ ᠡᠷᠬᠡ ᠶᠢ ᠤᠯᠬᠤ | ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷ ᠲᠣᠭᠠᠴᠢᠯᠠᠭᠰᠠᠨ ᠠᠵᠤ ᠠᠬᠤᠶ ᠶᠢᠨ | ᠰᠡᠳᠭᠢᠬᠦᠶ ᠶᠢᠨ ᠴᠢᠳᠠᠪᠤᠷᠢ ᠪᠣᠯᠤᠨ | ᠲᠤᠰᠬᠠᠢ ᠮᠡᠷᠭᠡᠵᠢᠯ ᠤᠨ ᠬᠡᠪ | ᠪᠤᠯᠪᠠᠰᠤᠷᠠᠯ ᠢᠶᠠᠨ ᠳᠡᠭᠡᠭᠰᠢᠯᠡᠭᠦᠯᠵᠦ᠂ | ᠲᠣᠭᠠᠴᠢᠯᠠᠭᠰᠠᠨ ᠠᠵᠤ ᠠᠬᠤᠶ ᠶᠢ | ᠬᠥᠭᠵᠢᠭᠦᠯᠬᠦ ᠴᠢᠳᠠᠪᠤᠷᠢ ᠪᠠᠨ | ᠴᠢᠩᠭᠠᠳᠬᠠᠵᠤ᠂ ᠠᠮᠤᠷ ᠲᠦᠪᠰᠢᠨ ᠤ | ᠤᠬᠠᠮᠰᠠᠷ ᠢᠶᠠᠨ ᠴᠢᠩᠭᠠᠳᠬᠠᠵᠤ᠂ | ᠲᠣᠭᠠᠴᠢᠯᠠᠭᠰᠠᠨ ᠠᠵᠤ ᠠᠬᠤᠶ ᠶᠢᠨ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠨᠠᠩ | ᠰᠠᠶᠢᠲᠤᠷ ᠦᠢᠯᠡᠴᠢᠯᠡᠬᠦ ᠪᠠ | ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ | ᠪᠦᠬᠦ ᠠᠷᠠᠳ ᠪᠦᠬᠦ ᠨᠡᠶᠢᠭᠡᠮ ᠤᠨ | ᠲᠣᠭᠠᠴᠢᠯᠠᠭᠰᠠᠨ ᠬᠡᠪ ᠪᠣᠯᠪᠠᠰᠤᠷᠠᠯ ᠪᠣᠯᠤᠨ | ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ | ᠮᠠᠨ ᠤ ᠤᠯᠤᠰ ᠤᠨ ᠲᠣᠭᠠᠴᠢᠯᠠᠭᠰᠠᠨ ᠠᠵᠤ | ᠠᠬᠤᠢ ᠶᠢᠨ ᠬᠥᠭᠵᠢᠯᠲᠡ ᠶᠢᠨ ᠨᠡᠶᠢᠭᠡᠮ ᠤᠨ | ᠰᠠᠭᠤᠷᠢ ᠶᠢ ᠪᠠᠬᠢᠵᠢᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ |