ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠺᠧ ᠴᠢᠶᠠᠩ 10 | ᠰᠠᠷ᠎ᠠ ᠶᠢᠨ 20 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠢ ᠡᠷᠬᠢᠯᠡᠨ ᠬᠤᠷᠠᠯᠳᠤᠭᠤᠯᠵᠤ᠂ | ᠨᠠᠮᠤᠷ ᠤᠨ ᠬᠤᠷᠢᠶᠠᠯᠲᠠ ᠪᠠ ᠨᠠᠮᠤᠷ | ᠡᠪᠦᠯ ᠤᠨ ᠲᠠᠷᠢᠶᠠᠯᠠᠭ᠎ᠠ ᠶᠢᠨ ᠠᠵᠢᠯ ᠢ | ᠰᠠᠶᠢᠲᠤᠷ ᠬᠢᠵᠦ᠂ ᠠᠮᠤ ᠪᠤᠳᠠᠭᠠᠨ ᠤ ᠠᠮᠤᠷ | ᠲᠦᠪᠰᠢᠨ ᠪᠠ ᠪᠠᠷᠠᠭᠠᠨ ᠤ ᠦᠨ᠎ᠡ ᠶᠢᠨ | ᠲᠣᠭᠲᠠᠭᠤᠨ ᠢ ᠪᠠᠲᠤᠯᠠᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠲᠤᠬᠠᠢ | ᠪᠠᠶᠢᠷᠢᠯᠠᠭᠤᠯᠪᠠ︔ ᠠᠷᠠᠳ ᠤᠨ | ᠠᠮᠢᠳᠤᠷᠠᠯ ᠤᠨ ᠡᠨᠧᠷᠭᠢ ᠬᠡᠷᠡᠭᠯᠡᠵᠦ | ᠬᠠᠩᠭᠠᠯᠭ᠎ᠠ ᠶᠢ ᠪᠠᠲᠤᠯᠠᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠷᠠᠳ ᠣᠯᠠᠨ ᠤ ᠠᠮᠤᠷ ᠲᠦᠪᠰᠢᠨ | ᠳᠤᠯᠠᠭᠠᠨ ᠪᠦᠯᠢᠶᠡᠨ ᠡᠪᠦᠯᠵᠢᠬᠦ ᠶᠢ ᠦᠨᠡᠨ | ᠬᠦ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ︔ ᠳᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ | ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠬᠤ ᠬᠡᠷᠡᠭᠲᠡᠢ ᠭᠡᠵᠦ | ᠱᠠᠭᠠᠷᠳᠠᠪᠠ᠃ ᠬᠤᠷᠠᠯ ᠠᠴᠠ᠂ ᠡᠨᠡ | ᠵᠢᠯ ᠤᠨ ᠨᠠᠮᠤᠷ ᠤᠨ ᠠᠮᠤ ᠪᠤᠳᠠᠭ᠎ᠠ ᠡᠯᠪᠡᠭ | ᠬᠤᠷᠢᠶᠠᠯᠲᠠ ᠣᠯᠬᠤ ᠨᠢ ᠨᠢᠭᠡᠨᠲᠡ | ᠲᠣᠭᠲᠠᠵᠠᠢ᠃ ᠠᠮᠤ ᠪᠤᠳᠠᠭᠠᠨ ᠤ ᠦᠨ᠎ᠡ ᠪᠣᠯ | ᠦᠨ᠎ᠡ ᠬᠠᠩᠰᠢ ᠶᠢᠨ ᠰᠠᠭᠤᠷᠢ ᠮᠥᠨ᠂ ᠮᠠᠨ ᠤ | ᠤᠯᠤᠰ ᠤᠨ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠶᠢᠨ ᠢᠯᠡᠳᠬᠡᠭᠴᠢ | ᠲᠣᠭᠠᠨ ᠤ ᠳᠣᠲᠣᠷ᠎ᠠ ᠢᠳᠡᠭᠡᠨ ᠤ ᠵᠦᠢᠯ ᠤᠨ | ᠦᠨ᠎ᠡ ᠬᠠᠩᠰᠢ ᠶᠢᠨ ᠡᠵᠡᠯᠡᠬᠦ ᠬᠠᠷᠢᠴᠠᠯ | ᠥᠨᠳᠥᠷ ᠪᠣᠯᠬᠤᠷ ᠠᠮᠤ ᠪᠤᠳᠠᠭᠠᠨ ᠤ ᠡᠯᠪᠡᠭ | ᠬᠤᠷᠢᠶᠠᠯᠲᠠ ᠤᠯᠬᠤ ᠨᠢ ᠪᠠᠷᠠᠭᠠᠨ ᠤ | ᠦᠨ᠎ᠡ ᠶᠢ ᠲᠣᠭᠲᠠᠪᠤᠷᠢᠵᠢᠭᠤᠯᠬᠤ᠂ ᠵᠣᠭᠤᠰ | ᠮᠠᠭᠤᠲᠠᠬᠤ ᠶᠢ ᠰᠡᠷᠭᠡᠶᠢᠯᠡᠬᠦ ᠳᠤ ᠪᠠᠲᠤ | ᠪᠠᠬᠢ ᠰᠠᠭᠤᠷᠢ ᠲᠠᠯᠪᠢᠵᠤ ᠪᠣᠯᠤᠨ᠎ᠠ᠃ | ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ | ᠣᠶᠢᠷ᠎ᠠ ᠶᠢᠨ ᠬᠤᠭᠤᠴᠠᠭᠠᠨ ᠤ ᠤᠮᠠᠷᠠᠲᠤ | ᠣᠷᠣᠨ ᠳᠤ ᠦᠷᠭᠦᠯᠵᠢᠯᠡᠭᠰᠡᠨ ᠪᠦᠷᠬᠦᠭ | ᠪᠤᠷᠤᠭᠠᠨᠳᠤ ᠴᠠᠭ ᠠᠭᠤᠷ ᠤᠨ ᠨᠠᠮᠤᠷ ᠤᠨ | ᠬᠤᠷᠢᠶᠠᠯᠲᠠ ᠨᠠᠮᠤᠷ ᠤᠨ | ᠲᠠᠷᠢᠶᠠᠯᠠᠭ᠎ᠠ ᠳᠤ ᠦᠵᠡᠭᠦᠯᠬᠦ ᠠᠰᠢᠭ ᠥᠬᠡᠶ | ᠨᠥᠯᠥᠭᠡ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ | ᠬᠠᠩᠰᠢ ᠥᠰᠬᠦ ᠵᠡᠷᠭᠡ ᠥᠷᠢᠰᠦᠯᠳᠦᠭᠡᠨ ᠢ | ᠢᠳᠡᠪᠬᠢᠲᠡᠶ ᠠᠷᠭᠠᠴᠠᠭᠠᠵᠤ᠂ ᠨᠠᠮᠤᠷ ᠤᠨ | ᠠᠮᠤ ᠪᠤᠳᠠᠭ᠎ᠠ ᠶᠢ ᠬᠤᠷᠢᠶᠠᠬᠤ | ᠶᠣᠰᠣᠲᠠᠶ ᠶᠢ ᠨᠢ ᠪᠦᠬᠦᠨ ᠢ | ᠬᠤᠷᠢᠶᠠᠬᠤ ᠶᠢ ᠪᠠᠲᠤᠯᠠᠵᠤ᠂ ᠨᠠᠮᠤᠷ | ᠡᠪᠦᠯ ᠤᠨ ᠲᠠᠷᠢᠶᠠᠯᠠᠭ᠎ᠠ ᠶᠢᠨ | ᠲᠠᠯᠠᠪᠠᠶ ᠶᠢ ᠦᠨᠳᠦᠰᠦᠨ ᠳᠡᠭᠡᠨ | ᠲᠣᠭᠲᠠᠭᠤᠨ ᠪᠠᠶᠢᠯᠭᠠᠵᠤ᠂ ᠳᠠᠷᠠᠭ᠎ᠠ | ᠵᠢᠯ ᠤᠨ ᠵᠤᠨ ᠤ ᠠᠮᠤ ᠪᠤᠳᠠᠭᠠᠨ ᠤ ᠡᠯᠪᠡᠭ | ᠬᠤᠷᠢᠶᠠᠯᠲᠠ ᠶᠢ ᠦᠨᠡᠨ ᠬᠦ ᠪᠠᠲᠤᠯᠠᠬᠤ | ᠬᠡᠷᠡᠭᠲᠡᠢ᠃ ᠨᠢᠭᠡ ᠳᠤ᠂ ᠭᠤᠣᠯ | ᠭᠠᠷᠤᠯᠲᠠ ᠶᠢᠨ ᠣᠷᠣᠨ ᠨᠠᠮᠤᠷ ᠤᠨ ᠠᠮᠤ | ᠪᠤᠳᠠᠭ᠎ᠠ ᠶᠢ ᠵᠠᠪᠳᠤᠨ ᠬᠤᠷᠢᠶᠠᠬᠤ ᠠᠵᠢᠯ ᠢ | ᠱᠠᠯᠠᠪᠳᠠᠨ ᠵᠣᠬᠢᠶᠠᠨ ᠪᠠᠶᠢᠭᠤᠯᠵᠤ᠂ ᠠᠮᠤ | ᠪᠤᠳᠠᠭ᠎ᠠ ᠶᠢ ᠬᠠᠳᠠᠭᠠᠵᠤ ᠬᠤᠷᠢᠶᠠᠨ | ᠬᠠᠳᠠᠭᠠᠯᠠᠬᠤ ᠠᠵᠢᠯ ᠢ ᠰᠠᠶᠢᠲᠤᠷ ᠬᠢᠬᠦ | ᠬᠡᠷᠡᠭᠲᠡᠢ᠃ ᠬᠤᠶᠠᠷ ᠲᠤ᠂ ᠨᠠᠮᠤᠷ ᠡᠪᠦᠯ ᠤᠨ | ᠲᠠᠷᠢᠶᠠᠯᠠᠭ᠎ᠠ ᠶᠢ ᠰᠠᠶᠢᠲᠤᠷ ᠠᠳᠬᠤᠬᠤ | ᠬᠡᠷᠡᠭᠲᠡᠢ᠃ ᠤᠰᠤ ᠬᠤᠷᠠᠭᠰᠠᠨ ᠲᠠᠷᠢᠶᠠᠨ | ᠭᠠᠵᠠᠷ ᠤᠨ ᠤᠰᠤ ᠶᠢ ᠲᠠᠲᠠᠷᠠᠭᠤᠯᠬᠤ ᠶᠢ | ᠲᠦᠷᠭᠡᠳᠭᠡᠬᠦ ᠬᠡᠷᠡᠭᠲᠡᠢ᠃ ᠭᠠᠮᠰᠢᠭ ᠠᠴᠠ | ᠪᠣᠯᠵᠣ ᠬᠤᠶᠢᠰᠢᠯᠠᠭᠤᠯᠵᠤ ᠳᠠᠷᠢᠬᠤ | ᠴᠢᠬᠤᠯᠠᠲᠠᠢ ᠲᠠᠷᠢᠶᠠᠨ ᠭᠠᠵᠠᠷ ᠲᠤ᠂ ᠡᠷᠲᠡ | ᠪᠣᠯᠪᠠᠰᠤᠷᠠᠬᠤ ᠡᠭᠦᠯᠳᠡᠷ ᠢ ᠰᠣᠩᠭᠤᠨ | ᠬᠡᠷᠡᠭᠯᠡᠬᠦ᠂ ᠳᠠᠷᠢᠬᠤ ᠬᠡᠮᠵᠢᠶ᠎ᠡ ᠶᠢ | ᠵᠣᠬᠢᠰᠲᠠᠶ ᠨᠡᠮᠡᠭᠳᠡᠭᠦᠯᠬᠦ᠂ ᠰᠠᠭᠤᠷᠢ | ᠪᠣᠷᠲᠣᠭᠤᠷ ᠢ ᠰᠢᠨᠵᠢᠯᠡᠬᠦ | ᠤᠬᠠᠭᠠᠨᠴᠢ ᠪᠠᠷ ᠨᠡᠮᠡᠵᠦ ᠣᠷᠣᠭᠤᠯᠬᠤ | ᠵᠡᠷᠭᠡ ᠪᠠᠷ ᠳᠠᠮᠵᠢᠭᠤᠯᠤᠨ᠂ ᠣᠷᠣᠶᠢᠲᠠᠵᠤ | ᠳᠠᠷᠢᠬᠤ ᠨᠥᠯᠥᠭᠡ ᠶᠢ ᠠᠯᠢ ᠴᠢᠳᠠᠬᠤ ᠪᠠᠷ | ᠪᠠᠭᠠᠰᠬᠠᠬᠤ ᠬᠡᠷᠡᠭᠲᠡᠢ᠃ ᠴᠠᠭ | ᠬᠤᠭᠤᠴᠠᠭ᠎ᠠ᠂ ᠭᠠᠵᠠᠷ ᠤᠷᠤᠨ᠂ ᠴᠢᠬᠢ ᠶᠢᠨ | ᠪᠠᠶᠢᠳᠠᠯ ᠳᠤᠨᠢ ᠲᠣᠬᠢᠷᠠᠭᠤᠯᠤᠨ | ᠡᠪᠦᠯ ᠠᠴᠠ ᠡᠮᠦᠨᠡᠬᠢ ᠲᠠᠷᠢᠶᠠᠨ ᠭᠠᠵᠠᠷ ᠤᠨ | ᠬᠠᠮᠢᠶᠠᠷᠤᠯᠲᠠ ᠪᠣᠯᠤᠨ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠭᠤᠷᠪᠠ ᠳᠤ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ ᠪᠠᠲᠤᠯᠠᠵᠤ᠂ | ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠬᠡᠷᠡᠭᠲᠡᠢ᠃ ᠦᠷ᠎ᠡ | ᠬᠠᠩᠭᠠᠬᠤ ᠪᠠ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠢ᠃ ᠲᠦᠭᠦᠬᠡᠢ ᠮᠠᠲ᠋ᠧᠷᠢᠶᠠᠯ ᠪᠠ | ᠡᠨᠧᠷᠭᠢ ᠶᠢᠨ ᠬᠡᠷᠡᠭᠯᠡᠯᠲᠡ ᠶᠢ | ᠪᠠᠲᠤᠯᠠᠵᠤ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠠᠵᠤ | ᠠᠬᠤᠶᠢᠯᠠᠯ ᠤᠨ ᠦᠢᠯᠡᠳᠪᠦᠷᠢᠯᠡᠯ ᠢᠶᠠᠨ | ᠥᠷᠭᠡᠳᠬᠡᠬᠦ ᠶᠢ ᠠᠬᠢᠭᠤᠯᠵᠤ᠂ ᠭᠠᠳᠠᠭᠠᠳᠤ | ᠣᠷᠣᠭᠤᠯᠤᠯᠲᠠ ᠭᠠᠷᠭᠠᠯᠲᠠ ᠶᠢ | ᠲᠤᠬᠢᠷᠠᠭᠤᠯᠤᠨ ᠡᠵᠡᠮᠳᠡᠬᠦ ᠪᠠᠨ | ᠴᠢᠩᠭᠠᠳᠬᠠᠵᠤ᠂ ᠬᠢᠮᠢ ᠶᠢᠨ ᠪᠤᠷᠳᠤᠭᠤᠷ᠂ | ᠲᠠᠷᠢᠶᠠᠨ ᠡᠮ ᠤᠨ ᠬᠠᠩᠭᠠᠯᠭ᠎ᠠ ᠶᠢ | ᠨᠡᠮᠡᠭᠳᠡᠭᠦᠯᠬᠦ ᠬᠡᠷᠡᠭᠲᠡᠢ᠃ ᠳᠥᠷᠪᠡ ᠳᠤ᠂ | ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠴᠢᠩᠭᠠᠷᠠᠭᠤᠯᠬᠤ | ᠬᠡᠷᠡᠭᠲᠡᠢ᠃ ᠲᠠᠷᠢᠶᠠᠨ ᠭᠠᠵᠠᠷ ᠤᠨ | ᠤᠰᠤᠲᠤᠯ ᠢ ᠵᠠᠯᠠᠬᠤ᠂ ᠠᠮᠤ ᠪᠤᠳᠠᠭ᠎ᠠ ᠶᠢ | ᠬᠠᠳᠠᠭᠠᠬᠤ ᠵᠡᠷᠭᠡ ᠠᠵᠢᠯ ᠤᠨ ᠴᠠᠬᠢᠯᠭᠠᠨ | ᠬᠦᠴᠦᠨ᠂ ᠴᠠᠶᠢᠶ᠋ᠢᠦ ᠲᠣᠰᠣᠨ ᠤ | ᠬᠠᠩᠭᠠᠯᠭ᠎ᠠ ᠶᠢ ᠪᠠᠲᠤᠯᠠᠬᠤ ᠬᠡᠷᠡᠭᠲᠡᠢ᠃ | ᠲᠠᠷᠢᠶᠠᠯᠠᠩ ᠤᠨ ᠰᠠᠯᠠᠭ᠎ᠠ ᠮᠥᠴᠢᠷ ᠤᠳ ᠣᠳᠣ | ᠪᠠᠶᠢᠭ᠎ᠠ ᠪᠡᠯᠡ ᠮᠥᠩᠭᠦ ᠪᠠᠨ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠡᠷᠡᠭᠯᠡᠵᠦ | ᠣᠷᠣᠨ ᠨᠤᠲᠤᠭ ᠤᠨ ᠨᠠᠮᠤᠷ ᠤᠨ ᠬᠤᠷᠢᠶᠠᠯᠲᠠ | ᠪᠣᠯᠤᠨ ᠨᠠᠮᠤᠷ ᠡᠪᠦᠯ ᠤᠨ | ᠲᠠᠷᠢᠶᠠᠯᠠᠭ᠎ᠠ ᠶᠢ ᠳᠡᠮᠵᠢᠬᠦ ᠬᠡᠷᠡᠭᠲᠡᠢ᠃ | ᠭᠠᠮᠰᠢᠭᠳᠠᠭᠰᠠᠨ ᠣᠷᠣᠨ ᠳᠤ ᠲᠥᠪ ᠤᠨ | ᠡᠳ᠋ ᠤᠨ ᠵᠠᠰᠠᠭ ᠠᠴᠠ ᠪᠠᠰᠠ ᠵᠣᠬᠢᠬᠤ ᠪᠡᠯᠡ | ᠮᠥᠩᠭᠦ ᠲᠤᠬᠢᠷᠠᠭᠤᠯᠤᠨ ᠦᠭᠴᠦ | ᠲᠠᠷᠢᠶᠠᠯᠠᠩ ᠤᠨ ᠦᠢᠯᠡᠳᠪᠦᠷᠢᠯᠡᠯ ᠤᠨ | ᠭᠠᠮᠰᠢᠭ ᠠᠴᠠ ᠠᠪᠤᠷᠠᠬᠤ ᠳᠤ ᠬᠡᠷᠡᠭᠯᠡᠬᠦ | ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠬᠢᠨ ᠳᠠᠷᠠᠭ᠎ᠠ ᠵᠢᠯ ᠤᠨ | ᠬᠤᠯᠪᠣᠭᠳᠠᠯ ᠪᠥᠬᠦᠶ ᠰᠢᠯᠵᠢᠭᠦᠯᠦᠨ ᠥᠭᠬᠦ | ᠪᠠᠯᠠ ᠮᠥᠩᠭᠦ ᠪᠠ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠨᠥᠬᠦᠪᠥᠷᠢ ᠮᠦᠡᠭᠭᠦ | ᠵᠡᠷᠭᠡ ᠶᠢ ᠤᠷᠢᠳᠴᠢᠯᠠᠨ ᠪᠠᠭᠤᠯᠭᠠᠵᠤ᠂ | ᠣᠷᠣᠨ ᠨᠤᠲᠤᠭ ᠤᠨ ᠣᠷᠣᠶᠢᠲᠠᠵᠤ ᠳᠠᠷᠢᠬᠤ ᠪᠠ | ᠬᠠᠳᠠᠭᠠᠬᠤ ᠮᠠᠰᠢᠨ ᠬᠤᠳᠠᠯᠳᠤᠨ ᠠᠪᠬᠤ ᠶᠢ | ᠳᠡᠮᠵᠢᠵᠦ᠂ ᠬᠠᠳᠠᠭᠠᠬᠤ ᠠᠵᠢᠯ ᠳᠤ | ᠵᠣᠬᠢᠰᠲᠠᠶ ᠨᠥᠬᠦᠪᠥᠷᠢ ᠥᠭᠬᠦ ᠬᠡᠷᠡᠭᠲᠡᠢ | ᠭᠡᠵᠦ ᠵᠢᠭᠠᠵᠤ ᠭᠠᠷᠭᠠᠪᠠ᠃ ᠬᠤᠷᠠᠯ ᠠᠴᠠ᠂ | ᠠᠷᠠᠳ ᠤᠯᠠᠨ ᠢᠯᠠᠩᠭᠤᠶ᠎ᠠ ᠭᠠᠮᠰᠢᠭᠳᠠᠭᠰᠠᠨ | ᠤᠯᠠᠨ ᠲᠦᠮᠡᠨ ᠤ ᠠᠮᠤᠷ ᠲᠦᠪᠰᠢᠨ ᠳᠤᠯᠠᠭᠠᠨ | ᠪᠦᠯᠢᠶᠡᠨ ᠡᠪᠦᠯᠵᠢᠬᠦ ᠶᠢ ᠪᠠᠲᠤᠯᠠᠬᠤ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠲᠣᠳᠣᠷᠬᠠᠢ | ᠱᠠᠭᠠᠷᠳᠠᠯᠭ᠎ᠠ ᠪᠣᠯᠤᠨ᠎ᠠ᠃ ᠵᠢᠱᠢᠯᠲᠡ ᠶᠢ | ᠦᠨᠳᠦᠰᠦᠯᠡᠪᠡᠯ᠂ ᠡᠨᠡ ᠵᠢᠯ ᠤᠨ ᠡᠪᠦᠯ | ᠤᠮᠠᠷᠠᠲᠤ ᠣᠷᠣᠨ ᠵᠡᠷᠭᠡ ᠭᠠᠵᠠᠷ ᠣᠷᠣᠨ ᠤ | ᠠᠭᠠᠷ ᠤᠨ ᠳᠤᠯᠠᠭᠠᠨ ᠨᠢ ᠡᠩ ᠤᠨ ᠵᠢᠯ ᠤᠨ | ᠠᠳᠠᠯᠢ ᠬᠤᠭᠤᠴᠠᠭᠠᠨ ᠤ ᠬᠢ ᠠᠴᠠ ᠳᠤᠤᠷ᠎ᠠ | ᠪᠠᠶᠢᠵᠤ᠂ ᠴᠢᠨᠠᠭᠰᠢᠯᠠᠪᠠᠯ ᠬᠠᠴᠢᠨ ᠠᠭᠤᠷ | ᠠᠮᠢᠰᠬᠤᠯ ᠢᠯᠡᠷᠡᠵᠦ ᠮᠡᠳᠡᠨ᠎ᠡ᠃ | ᠬᠤᠷᠠᠯ ᠠᠴᠠ᠂ ᠨᠡᠮᠡᠭᠳᠡᠯ ᠢ | ᠲᠣᠭᠲᠠᠪᠤᠷᠢᠵᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ ᠶᠢ ᠨᠢᠭᠡᠳᠦᠯᠲᠡᠶ | ᠲᠥᠯᠥᠪᠵᠢᠭᠦᠯᠵᠦ᠂ ᠣᠯᠠᠨ ᠲᠦᠮᠡᠨ ᠪᠣᠯᠤᠨ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠲᠤᠰᠬᠠᠯ ᠴᠢᠩᠭ᠎ᠠ ᠪᠠᠶᠢᠭ᠎ᠠ ᠳᠣᠪᠣᠶᠢᠮ᠎ᠠ | ᠠᠰᠠᠭᠤᠳᠠᠯ ᠢ ᠭᠤᠤᠯᠳᠠᠯᠭ᠎ᠠ ᠲᠠᠢ | ᠰᠢᠢᠳᠪᠦᠷᠢᠯᠡᠬᠦ ᠬᠡᠷᠡᠭᠲᠡᠢ᠃ ᠨᠢᠭᠡ ᠳᠤ᠂ | ᠡᠪᠦᠯ ᠤᠨ ᠤᠯᠠᠷᠢᠯ ᠳᠤ ᠤᠮᠠᠷᠠᠲᠤ ᠣᠷᠣᠨ | ᠣᠨᠴᠠᠭᠠᠶᠢᠯᠠᠨ ᠵᠡᠭᠦᠨ ᠬᠤᠶᠢᠲᠤ ᠣᠷᠣᠨ ᠳᠤ | ᠳᠤᠯᠠᠭᠠᠯᠠᠭ᠎ᠠ ᠬᠠᠩᠭᠠᠬᠤ ᠶᠢ ᠪᠠᠲᠤᠯᠠᠬᠤ | ᠬᠡᠷᠡᠭᠲᠡᠢ᠃ ᠳᠤᠯᠠᠭᠠᠯᠠᠭ᠎ᠠ ᠶᠢᠨ | ᠨᠡᠭᠦᠷᠡᠰᠦᠨ ᠤ ᠦᠢᠯᠡᠳᠪᠦᠷᠢᠯᠡᠯ ᠪᠠ | ᠲᠡᠭᠡᠭᠡᠪᠦᠷᠢ ᠶᠢ ᠪᠦᠬᠦ ᠬᠦᠴᠦᠨ ᠢᠶᠠᠷ | ᠪᠠᠲᠤᠯᠠᠬᠤ ᠬᠡᠷᠡᠭᠲᠡᠢ᠃ ᠨᠡᠭᠦᠷᠡᠰᠦᠨ ᠤ | ᠵᠠᠬ᠎ᠠ ᠳᠡᠯᠭᠡᠭᠦᠷ ᠤᠨ ᠰᠠᠷᠢᠭᠠᠯᠠᠬᠤ | ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠬᠦ ᠬᠡᠷᠡᠭᠲᠡᠢ᠃ ᠬᠤᠶᠠᠷ ᠲᠤ᠂ | ᠤᠮᠠᠷᠠᠲᠤ ᠣᠷᠣᠨ ᠤ ᠭᠤᠣᠯᠳᠠᠯᠭ᠎ᠠ ᠲᠠᠢ | ᠭᠠᠵᠠᠷ ᠣᠷᠣᠨ ᠤ ᠳᠤᠯᠠᠭᠠᠯᠠᠭ᠎ᠠ ᠳᠤ | ᠬᠡᠷᠡᠭᠯᠡᠬᠦ ᠬᠡᠢ ᠶᠢ ᠪᠠᠲᠤᠯᠠᠬᠤ | ᠬᠡᠷᠡᠭᠲᠡᠢ᠃ ᠰᠢᠲᠠᠮᠠᠬᠠᠢ ᠬᠡᠢ ᠬᠠᠩᠭᠠᠬᠤ | ᠠᠵᠤ ᠠᠬᠤᠶᠢᠯᠠᠯ ᠢ ᠵᠣᠬᠢᠶᠠᠨ ᠪᠠᠶᠢᠭᠤᠯᠵᠤ | ᠪᠠᠶᠢᠭᠠᠳ ᠡᠬᠢ ᠪᠠᠶᠠᠯᠢᠭ ᠤᠨ | ᠬᠠᠩᠭᠠᠯᠭ᠎ᠠ ᠶᠢ ᠠᠯᠢ ᠴᠢᠳᠠᠬᠤ ᠪᠠᠷ | ᠨᠡᠮᠡᠭᠳᠡᠭᠦᠯᠵᠦ᠂ ᠰᠢᠲᠠᠮᠠᠬᠠᠢ ᠬᠡᠢ | ᠬᠡᠷᠡᠭᠯᠡᠬᠦ ᠡᠬᠢ ᠪᠠᠶᠠᠯᠢᠭ ᠢ | ᠨᠢᠭᠡᠳᠦᠯᠲᠡᠶ ᠲᠥᠯᠥᠪᠵᠢᠭᠦᠯᠦᠨ | ᠵᠣᠬᠢᠴᠠᠭᠤᠯᠵᠤ᠂ ︽ᠡᠮᠦᠨᠡᠲᠦ ᠶᠢᠨ | ᠰᠢᠲᠠᠮᠠᠬᠠᠢ ᠬᠡᠢ ᠶᠢ ᠤᠮᠠᠷᠠᠰᠢ | ᠵᠦᠭᠡᠭᠡᠪᠦᠷᠢᠯᠡᠬᠦ︾ ᠶᠢ ᠴᠠᠭ ᠲᠤᠨᠢ | ᠲᠣᠬᠢᠷᠠᠭᠤᠯᠤᠨ ᠵᠣᠬᠢᠶᠠᠨ ᠪᠠᠶᠢᠭᠤᠯᠵᠤ᠂ | ᠨᠢᠭᠡᠨᠲᠡ ᠪᠤᠶ ᠪᠣᠯᠣᠭᠰᠠᠨ ᠰᠢᠲᠠᠮᠠᠬᠠᠢ ᠬᠡᠢ | ᠬᠠᠳᠠᠭᠠᠯᠠᠬᠤ ᠬᠡᠮᠵᠢᠶ᠎ᠡ ᠶᠢ ᠰᠠᠶᠢᠲᠤᠷ | ᠬᠡᠷᠡᠭᠯᠡᠵᠦ᠂ ᠣᠷᠭᠢᠯ ᠬᠤᠭᠤᠴᠠᠭ᠎ᠠ ᠶᠢ | ᠵᠤᠬᠢᠴᠠᠭᠤᠯᠤᠨ ᠲᠣᠬᠢᠷᠠᠭᠤᠯᠵᠤ | ᠬᠠᠩᠭᠠᠯᠭ᠎ᠠ ᠶᠢ ᠪᠠᠲᠤᠯᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠨᠡᠭᠦᠷᠡᠰᠦ | ᠬᠡᠷᠡᠭᠯᠡᠬᠦ ᠳᠤ ᠲᠣᠬᠢᠷᠠᠮᠵᠢᠲᠠᠢ ᠪᠣᠯ | ᠨᠡᠭᠦᠷᠡᠰᠦ ᠬᠡᠷᠡᠭᠯᠡᠵᠦ᠂ ᠴᠠᠬᠢᠯᠭᠠᠨ | ᠬᠡᠷᠡᠭᠯᠡᠬᠦ ᠳᠤ ᠲᠣᠬᠢᠷᠠᠮᠵᠢᠲᠠᠢ ᠪᠣᠯ | ᠴᠠᠬᠢᠯᠭᠠᠨ ᠬᠡᠷᠡᠭᠯᠡᠵᠦ᠂ ᠦᠨᠡᠨ ᠠᠴᠠ | ᠵᠥᠪ ᠢ ᠡᠷᠢᠬᠦ ᠶᠢ ᠪᠠᠷᠢᠮᠲᠠᠯᠠᠵᠤ᠂ ᠭᠠᠵᠠᠷ | ᠣᠷᠣᠨ ᠤ ᠪᠠᠶᠢᠳᠠᠯ ᠳᠤᠨᠢ ᠲᠤᠬᠢᠷᠠᠭᠤᠯᠤᠨ | ᠤᠯᠠᠨ ᠲᠦᠮᠡᠨ ᠤ ᠳᠤᠯᠠᠭᠠᠯᠠᠭ᠎ᠠ ᠶᠢ | ᠪᠠᠲᠤᠯᠠᠬᠤ ᠬᠡᠷᠡᠭᠲᠡᠢ᠃ ᠭᠤᠷᠪᠠ ᠳᠤ᠂ | ᠨᠡᠭᠦᠷᠡᠰᠦ ᠴᠠᠬᠢᠯᠭᠠᠨ ᠲᠤᠰᠤ ᠬᠡᠢ ᠶᠢᠨ | ᠲᠡᠭᠡᠭᠡᠪᠦᠷᠢ ᠶᠢᠨ ᠪᠠᠲᠤᠯᠠᠭ᠎ᠠ ᠶᠢᠨ | ᠲᠣᠭᠲᠠᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠡᠳᠦᠷ ᠤᠨ | ᠲᠤᠬᠢᠷᠠᠭᠤᠯᠤᠯᠳᠠ᠂ ᠭᠠᠷᠠᠭ ᠤᠨ | ᠲᠡᠩᠴᠡᠭᠦᠷᠢ ᠶᠢ ᠰᠠᠶᠢᠲᠤᠷ ᠪᠠᠲᠤᠯᠠᠬᠤ | ᠬᠡᠷᠡᠭᠲᠡᠢ᠃ ᠣᠷᠣᠨ ᠨᠤᠲᠤᠭ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠣᠷᠣᠨ ᠨᠤᠲᠤᠭ ᠤᠨ ᠬᠢᠨ ᠤ ᠰᠢᠲᠠᠮᠠᠬᠠᠢ ᠬᠡᠶ | ᠢᠯᠴᠢ ᠬᠠᠩᠭᠠᠬᠤ ᠠᠵᠤ ᠠᠬᠤᠶᠢᠯᠠᠯ ᠳᠤ | ᠵᠣᠬᠢᠰᠲᠠᠶ ᠳᠡᠮᠵᠢᠯᠭᠡ ᠦᠵᠡᠭᠦᠯᠬᠦ ᠶᠢ | ᠵᠣᠷᠢᠭᠵᠢᠭᠤᠯᠵᠤ᠂ ᠠᠷᠠᠳ ᠤᠨ | ᠬᠡᠷᠡᠭᠯᠡᠭᠡᠨ ᠤ ᠬᠡᠶ ᠪᠣᠯᠤᠨ | ᠳᠤᠯᠠᠭᠠᠯᠠᠭ᠎ᠠ ᠶᠢᠨ ᠦᠨ᠎ᠡ ᠬᠠᠩᠰᠢ ᠶᠢᠨ | ᠦᠨᠳᠦᠰᠦᠨ ᠳᠡᠭᠡᠨ ᠲᠣᠭᠲᠠᠭᠤᠨ ᠪᠠᠶᠢᠬᠤ ᠶᠢ | ᠪᠠᠲᠤᠯᠠᠬᠤ ᠬᠡᠷᠡᠭᠲᠡᠢ᠃ ᠴᠠᠬᠢᠯᠭᠠᠨ ᠢ | ᠡᠮᠬᠢ ᠵᠢᠷᠤᠮ ᠲᠠᠢ ᠬᠡᠷᠡᠭᠯᠡᠬᠦ ᠶᠢ | ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ | ︽ᠠᠷᠠᠳ ᠤᠨ ᠬᠡᠷᠡᠭᠯᠡᠭᠡ ᠶᠢ ᠪᠠᠲᠤᠯᠠᠬᠤ︾ | ᠪᠡᠯᠡᠳᠭᠡᠯ ᠲᠥᠰᠦᠯ ᠢ ᠰᠠᠶᠢᠲᠤᠷ ᠬᠢᠵᠦ᠂ | ᠬᠤᠲᠠ ᠶᠢᠨ ᠰᠥᠨᠢ ᠶᠢᠨ ᠦᠵᠡᠮᠵᠢ ᠶᠢᠨ | ᠭᠡᠷᠡᠯᠲᠦᠭᠦᠯᠭᠡ ᠶᠢ ᠵᠦᠶ ᠵᠣᠬᠢᠰᠲᠠᠶ | ᠬᠢᠵᠠᠭᠠᠷᠯᠠᠬᠤ ᠬᠡᠷᠡᠭᠲᠡᠢ᠃ ᠪᠦᠬᠦ | ᠨᠡᠶᠢᠭᠡᠮ ᠢᠶᠠᠷ ᠢᠶᠠᠨ ᠴᠠᠬᠢᠯᠭᠠᠨ | ᠠᠷᠪᠢᠯᠠᠬᠤ᠂ ᠡᠨᠧᠷᠭᠢ ᠠᠷᠪᠢᠯᠠᠬᠤ ᠶᠢ | ᠴᠢᠩᠭᠠᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠬᠤᠷᠠᠯ ᠠᠴᠠ᠂ ᠳᠤᠮᠳᠠ ᠪᠠᠭ᠎ᠠ | ᠵᠢᠵᠢᠭ ᠠᠵᠤ ᠠᠬᠤᠶᠢᠯᠠᠯ ᠵᠡᠷᠭᠡ ᠵᠠᠬ᠎ᠠ | ᠳᠡᠯᠭᠡᠭᠦᠷ ᠤᠨ ᠭᠤᠣᠯ ᠴᠣᠭᠴᠠ ᠶᠢ | ᠪᠠᠲᠤᠯᠠᠬᠤ ᠨᠢ ᠠᠵᠢᠯ ᠣᠯᠭᠤᠯᠲᠠ ᠶᠢ | ᠪᠠᠲᠤᠯᠠᠬᠤ ᠳᠤ ᠠᠰᠢᠭᠲᠠᠢ ᠪᠥᠭᠡᠳ | ᠬᠠᠩᠭᠠᠯᠭ᠎ᠠ ᠶᠢ ᠨᠡᠮᠡᠭᠳᠡᠭᠦᠯᠬᠦ᠂ | ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠳᠤ ᠠᠰᠢᠭᠲᠠᠢ ᠶᠤᠮ᠃ | ᠤᠯᠠᠨ ᠠᠷᠭ᠎ᠠ ᠪᠤᠳᠤᠯᠭ᠎ᠠ ᠶᠢ ᠵᠡᠷᠭᠡ ᠪᠠᠷ | ᠬᠡᠷᠡᠭᠵᠢᠭᠦᠯᠵᠦ᠂ ᠬᠠᠨᠳᠤᠯᠭᠠᠲᠤ | ᠴᠢᠨᠠᠷᠲᠠᠢ ᠪᠠᠷ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠪᠥᠭᠡᠮ | ᠲᠠᠸᠠᠷ ᠤᠨ ᠦᠨ᠎ᠡ ᠬᠠᠩᠰᠢ ᠶᠢᠨ ᠥᠰᠥᠯᠲᠡ ᠨᠢ | ᠠᠵᠦ ᠦᠢᠯᠡᠰ ᠤᠨ ᠬᠡᠯᠬᠢᠶᠡᠨ ᠤ ᠡᠴᠦᠰ ᠤᠨ | ᠬᠡᠯᠬᠢᠶ᠎ᠡ ᠪᠠᠷ ᠳᠠᠮᠵᠢᠨ ᠳᠤᠮᠳᠠ ᠪᠠᠭ᠎ᠠ | ᠵᠢᠵᠢᠭ ᠠᠵᠤ ᠠᠬᠤᠶᠢᠯᠠᠯ ᠳᠤ ᠥᠪᠡᠷ ᠤᠨ | ᠦᠷᠲᠡᠭ ᠤᠨ ᠳᠠᠷᠤᠯᠲᠠ ᠥᠭᠬᠦ ᠶᠢ | ᠰᠡᠷᠭᠡᠶᠢᠯᠡᠵᠦ᠂ ᠱᠠᠲᠤᠴᠢ ᠴᠢᠨᠠᠷᠲᠠᠶ | ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠶᠢ ᠪᠠᠭᠲᠠᠭᠠᠭᠰᠠᠨ | ᠲᠦᠭᠡᠮᠡᠯ ᠬᠠᠷᠠᠭᠠᠯᠵᠠᠯ ᠤᠨ ᠴᠢᠨᠠᠷᠲᠠᠶ | ᠲᠥᠷᠥ ᠶᠢᠨ ᠪᠣᠳᠣᠯᠭ᠎ᠠ ᠶᠢ ᠱᠠᠯᠠᠪᠳᠠᠨ | ᠰᠤᠳᠤᠯᠵᠤ᠂ ᠣᠷᠣᠨ ᠨᠤᠲᠤᠭ ᠤᠨ ᠬᠢᠨ ᠤ | ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ | ᠬᠡᠷ ᠪᠠᠶᠢᠰᠢᠩ ᠤᠨ ᠲᠦᠷᠢᠶᠡᠰᠦᠨ ᠮᠥᠩᠭᠦ᠂ | ᠤᠰᠤ ᠴᠠᠬᠢᠯᠭᠠᠨ ᠤ ᠰᠦᠢᠳᠬᠡᠯ ᠢ ᠬᠠᠰᠤᠵᠤ | ᠬᠡᠯᠲᠦᠷᠢᠭᠦᠯᠬᠦ ᠵᠡᠷᠭᠡ ᠲᠠᠯ᠎ᠠ ᠪᠠᠷ | ᠳᠡᠮᠵᠢᠯᠭᠡ ᠦᠵᠡᠭᠦᠯᠬᠦ ᠶᠢ | ᠵᠣᠷᠢᠭᠵᠢᠭᠤᠯᠵᠤ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠵᠦ᠂ | ᠬᠦᠴᠢᠷᠳᠡᠯ ᠢ ᠨᠢ ᠬᠠᠪᠰᠤᠷᠤᠨ ᠳᠤᠭᠤᠯᠬᠤ | ᠬᠡᠷᠡᠭᠲᠡᠢ᠃ ᠳᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ︽ᠲᠤᠰᠬᠠᠢ ᠨᠠᠷᠢᠯᠢᠭ | ᠥᠪᠡᠷᠮᠢᠴᠡ ᠰᠢᠨ᠎ᠡ︾ ᠴᠢᠭᠯᠡᠯ ᠢᠶᠠᠷ | ᠬᠥᠭᠵᠢᠬᠦ ᠶᠢ ᠠᠬᠢᠭᠤᠯᠵᠤ᠂ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ |