ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/26
     10 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ᠂ ᠬᠤᠰᠢᠭᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ ᠯᠢ ᠳ᠋ᠦᠩ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠴᠢᠬᠤᠯᠠᠴᠢᠯᠠᠵᠤ᠂ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ  ᠬᠤᠰᠢᠭᠤᠨ ᠳᠡᠳ᠋ ᠳᠠᠷᠤᠭ᠎ᠠ ᠹᠠᠩ ᠢᠦᠶ ᠼᠦᠨ᠂ ᠶᠠᠩ ᠤᠯᠠᠭᠠᠨ ᠬᠤᠷᠠᠯ ᠳᠤ ᠣᠷᠣᠯᠴᠠᠪᠠ᠃ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠤᠨ ᠠᠭᠤᠯᠭ᠎ᠠ ᠶᠢ ᠰᠣᠨᠣᠰᠪᠠ᠃     ︽ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ ︾ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠪᠠᠬᠢᠵᠢᠭᠦᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠢ ᠬᠢᠵᠠᠭᠠᠷᠯᠠᠬᠤ ᠪᠠ ᠪᠠᠭᠤᠷᠠᠭᠤᠯᠬᠤ ᠶᠢᠨ ᠲᠦᠯᠦᠭᠡ᠂ ᠸᠠᠩ ᠯᠢ ᠳ᠋ᠦᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠬᠤ ᠬᠡᠷᠡᠭᠲᠡᠢ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠠ ᠣᠷᠣᠨ ᠢ ᠴᠢᠩᠭ᠎ᠠ ᠨᠠᠶᠢᠳᠠᠪᠤᠷᠢᠵᠢᠭᠤᠯᠤᠨ᠎ᠠ᠂ ᠠᠶᠢᠮᠠᠭ ᠤᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠴᠢᠬᠤᠯᠠ ᠰᠢᠯᠭᠠᠯᠲᠠ ᠪᠣᠯᠭᠠᠬᠤ ᠬᠡᠷᠡᠭᠲᠡᠢ᠂ ᠡᠨᠡ ᠡᠪᠦᠯ ᠢᠷᠡᠬᠦ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠪᠡᠷᠬᠡ ᠬᠠᠲᠠᠭᠤᠵᠢᠯᠲᠠᠢ ᠴᠢᠨᠠᠷ ᠪᠣᠯᠤᠨ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠬᠤ ᠬᠡᠷᠡᠭᠲᠡᠢ᠂ ᠮᠢᠨᠴᠦᠭᠦᠷᠡᠬᠦ ᠦᠵᠡᠯ ᠰᠠᠨᠠᠭ᠎ᠠ ᠶᠢ ᠢᠯᠠᠨ ᠳᠠᠪᠠᠭ᠋ᠤ᠂ ᠲᠠᠶᠢᠨ ᠠᠴᠠ ᠬᠠᠯᠠᠰᠢᠷᠠᠬᠤ ᠰᠡᠳᠬᠢᠯᠭᠡ᠂ ᠰᠤᠯᠠᠪᠲᠤᠷ ᠰᠡᠳᠬᠢᠯᠭᠡ᠂ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠂ ᠲᠦᠷᠭᠡᠨ ᠬᠥᠳᠡᠯᠦᠯᠴᠡᠵᠦ ᠲᠦᠷᠭᠡᠨ ᠨᠠᠶᠢᠳᠠᠪᠤᠷᠢᠵᠢᠭᠤᠯᠬᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠠᠳᠬᠤᠬᠤ ᠬᠡᠷᠡᠭᠲᠡᠶ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠰᠠᠬᠢᠨ ᠪᠠᠬᠢᠵᠢᠭᠦᠯᠬᠦ ᠬᠡᠷᠡᠭᠲᠡᠢ᠃      ᠸᠠᠩ ᠯᠢ ᠳ᠋ᠦᠩ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ ᠤᠨ ᠠᠷᠭ᠎ᠠ ᠬᠡᠮᠵᠢᠶ᠎ᠡ ᠪᠠᠨ ᠳᠠᠬᠢᠨ ᠴᠢᠩᠭᠠᠳᠬᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠬᠤᠯ ᠡᠪᠡᠳᠴᠢᠨ ᠤ ᠪᠠᠶᠢᠴᠠᠭᠠᠯᠲᠠ᠂ ᠮᠥᠷᠳᠡᠯᠲᠡ᠂ ᠬᠠᠮᠢᠶᠠᠷᠤᠨ ᠡᠵᠡᠮᠳᠡᠬᠦ ᠠᠵᠢᠯ ᠢ ᠬᠠᠮᠵᠢᠯᠴᠠᠨ ᠠᠬᠢᠭᠤᠯᠵᠤ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠶᠢ ᠢᠯᠡᠷᠡᠭᠦᠯᠪᠡᠯ ᠴᠠᠭ ᠲᠤᠬᠠᠢ ᠳᠤᠨᠢ ᠡᠷᠡᠰ ᠰᠢᠭᠤᠷᠬᠠᠢ ᠰᠢᠢᠳᠪᠦᠷᠢᠯᠡᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠦᠷᠦᠯ ᠬᠤᠪᠢᠶᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠥᠪᠡᠷ ᠢ ᠪᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠵᠤ᠂ ᠲᠡᠷᠢᠭᠦᠯᠡᠭᠴᠢ ᠸᠠᠩ ᠯᠢ ᠰᠢᠶᠠ ᠶᠢᠨ ᠵᠢᠭᠠᠵᠤ ᠭᠠᠷᠭᠠᠭᠰᠠᠨ 11 ᠠᠰᠠᠭᠤᠳᠠᠯ ᠪᠣᠯᠤᠨ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠲᠣᠭᠤᠷᠢᠨ ᠳᠤ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ᠂ ᠨᠠᠷᠢᠨ ᠲᠠᠩᠰᠠ ᠶᠢᠨ ᠡᠬᠡ ᠲᠠᠩᠰᠠ ᠶᠢ ᠪᠦᠷᠢᠯᠳᠦᠭᠦᠯᠵᠦ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠳᠤᠲᠠᠭᠤᠳᠠᠯ ᠲᠠᠯ᠎ᠠ ᠶᠢ ᠨᠥᠬᠦᠪᠥᠷᠢᠯᠡᠬᠦ ᠬᠡᠷᠡᠭᠲᠡᠶ᠃ ᠡᠳᠦᠷ ᠲᠤᠲᠤᠮ ᠤᠨ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤ ᠲᠤᠰᠬᠠᠯ ᠪᠣᠯᠤᠨ ᠣᠨᠣᠴᠠᠲᠠᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠲᠠᠬᠢᠨ ᠪᠣᠳᠠᠲᠠᠶᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠪᠣᠯ ᠣᠳᠣᠬᠠᠨ ᠤ ᠪᠥᠬᠦ ᠬᠤᠰᠢᠭᠤᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠲᠤ ᠴᠢᠩᠭ᠎ᠠ ᠰᠤᠷᠲᠠᠯ ᠢᠶᠠᠷ ᠢᠮᠠᠭᠲᠠ ᠬᠢᠨᠠᠭᠤᠷ ᠪᠣᠯᠭᠤᠮᠵᠢᠲᠠᠶ ᠪᠠᠶᠢᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠂ ︽ᠳᠥᠷᠪᠡᠨ ᠡᠷᠲᠡ︾ ᠶᠢᠨ ᠱᠠᠭᠠᠷᠳᠠᠯᠭ᠎ᠠ ᠪᠣᠯᠤᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠷᠢᠯᠢᠭ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠬᠠᠮᠲᠤᠷᠠᠯ ᠬᠦᠴᠦᠨ ᠢ ᠦᠨᠡᠨ ᠬᠦ ᠪᠦᠷᠢᠯᠳᠦᠭᠦᠯᠵᠦ᠂ ᠬᠢᠵᠢᠭ ᠣᠷᠣᠵᠤ ᠢᠷᠡᠬᠦ ᠪᠣᠭᠤᠮᠲᠠ ᠶᠢ ᠪᠠᠲᠤ ᠰᠠᠬᠢᠵᠤ᠂ ᠬᠠᠯᠳᠠᠪᠤᠷᠢᠯᠠᠬᠤ ᠵᠠᠮ ᠢ ᠲᠠᠰᠤᠯᠬᠤ ᠬᠡᠷᠡᠭᠲᠡᠶ᠃ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ ᠤᠬᠠᠭᠤᠯᠬᠤ ᠰᠠᠯᠠᠭ᠎ᠠ ᠮᠥᠴᠢᠷ ᠵᠡᠷᠭᠡ ᠡᠯ᠎ᠡ ᠪᠡᠶ᠎ᠡ ᠪᠠᠨ ᠳᠠᠭᠠᠭᠠᠭᠰᠠᠨ ᠬᠠᠷᠢᠭᠤᠴᠠᠯᠭ᠎ᠠ ᠭᠤᠤᠯ ᠠᠵᠢᠯ ᠢᠶᠠᠨ ᠭᠦᠢᠴᠡᠳ ᠪᠠᠳᠠᠷᠠᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠬᠦ᠂ ᠬᠥᠮᠦᠨ ᠪᠦᠬᠦᠨ ᠬᠠᠷᠢᠭᠤᠴᠠᠯᠭ᠎ᠠ ᠡᠭᠦᠷᠭᠡᠯᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠵᠢᠯ ᠤᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠮᠥᠷᠳᠡᠨ ᠱᠠᠯᠠᠪᠳᠠᠭᠤᠯᠤᠨ ᠱᠠᠭᠠᠷᠳᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ ᠭᠡᠵᠡᠢ᠃     ᠬᠤᠷᠠᠯ ᠳᠡᠭᠡᠷ᠎ᠡ᠂ ᠶᠠᠩ ᠤᠯᠠᠭᠠᠨ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠮᠡᠳᠡᠭᠳᠡᠵᠦ᠂ ᠪᠥᠬᠦ ᠬᠤᠰᠢᠭᠤᠨ ᠤ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠭᠤᠤᠯᠳᠠᠯᠭ᠎ᠠ ᠲᠠᠢ ᠠᠵᠢᠯ ᠳᠤ ᠨᠠᠷᠢᠨ ᠪᠠᠶᠢᠷᠢᠯᠠᠭᠤᠯᠤᠯᠲᠠ ᠬᠢᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号