ᠰᠦᠨ ᠱᠦ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/26
    10 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠡᠩ ᠲᠡᠷᠢᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠰᠦᠨ ᠱᠦ ᠲᠤᠤ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠵᠢᠴᠢ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠥᠪ ᠲᠠᠨᠢᠵᠤ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠢᠯᠠᠩᠭᠤᠶ᠎ᠠ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠢᠷᠡᠵᠦ ᠪᠤᠴᠠᠬᠤ ᠬᠥᠮᠦᠰ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠵᠢᠴᠢ ᠰᠠᠨᠠᠭᠠᠴᠢᠯᠠᠭ᠎ᠠ ᠠᠴᠠ ᠪᠠᠨ ᠳᠡᠭᠡᠭᠰᠢ ᠮᠡᠳᠡᠭᠦᠯᠬᠦ ᠠᠵᠢᠯ ᠤᠨ ᠤᠬᠠᠭᠤᠯᠭ᠎ᠠ ᠳᠠᠶᠢᠴᠢᠯᠠᠯᠲᠠ ᠶᠢ ᠰᠠᠶᠢᠲᠤᠷ ᠬᠢᠵᠦ᠂ ᠮᠡᠳᠡᠭᠦᠯᠬᠦ ᠥᠬᠡᠶ ᠨᠢᠭᠤᠬᠤ᠂ ᠣᠷᠬᠢᠭᠳᠠᠭᠤᠯᠤᠨ ᠮᠡᠳᠡᠭᠦᠯᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠬᠢᠵᠢᠭᠦᠯᠵᠦ᠂ ᠡᠮᠨᠡᠯᠭᠡ ᠶᠢᠨ ᠬᠤᠷᠢᠶ᠎ᠡ᠂ ᠰᠤᠷᠭᠠᠭᠤᠯᠢ᠂ ᠡᠮ ᠤᠨ ᠳᠡᠯᠭᠡᠭᠦᠷ᠂ ᠬᠤᠭᠤᠯᠠᠨ ᠭᠡᠷ ᠵᠡᠷᠭᠡ ᠬᠥᠮᠦᠨ ᠬᠠᠷ᠎ᠠ ᠲᠥᠪᠯᠡᠷᠡᠭᠰᠡᠨ ᠬᠡᠯᠪᠡᠷᠢ ᠶᠢᠨ ᠲᠠᠯᠠᠪᠤᠷ ᠵᠢᠴᠢ ᠭᠠᠳᠠᠭᠠᠳᠤ ᠠᠴᠠ ᠣᠷᠣᠭᠤᠯᠬᠤ ᠲᠠᠸᠠᠷ᠂ ᠬᠦᠢᠳᠡᠨ ᠢᠶᠠᠷ ᠬᠠᠳᠠᠭᠠᠯᠠᠬᠤ ᠪᠠᠷᠠᠭᠠᠨ ᠤ ᠭᠦᠢᠯᠭᠡᠭᠡ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠷᠠᠨ ᠴᠤᠭᠯᠠᠷᠠᠬᠤ ᠴᠢᠨᠠᠷᠲᠠᠢ ᠲᠤᠮᠤ ᠬᠡᠯᠪᠡᠷᠢ ᠶᠢᠨ ᠠᠵᠢᠯᠯᠠᠭ᠎ᠠ ᠶᠢ ᠪᠠᠭᠠᠰᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠲᠣᠬᠢᠷᠠᠭᠤᠯᠬᠤ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠲᠡᠷᠢᠭᠦᠨ ᠭᠠᠷ᠂ ᠬᠤᠰᠢᠭᠤᠨ ᠱᠠᠲᠤᠨ ᠤ ᠡᠯ᠎ᠡ ᠬᠡᠰᠡᠭ ᠢ ᠳᠠᠭᠠᠭᠠᠴᠢᠯᠠᠭᠰᠠᠨ ᠤᠳᠤᠷᠢᠳᠤᠯᠭ᠎ᠠ ᠰᠡᠷᠭᠡᠶᠢᠯᠡᠨ ᠡᠵᠡᠮᠳᠡᠬᠦ ᠵᠦᠭᠯᠡᠭᠦᠷ ᠢ ᠴᠢᠩᠭ᠎ᠠ ᠨᠠᠶᠢᠳᠠᠪᠤᠷᠢᠵᠢᠭᠤᠯᠵᠤ᠂ ᠬᠠᠮᠲᠤ ᠪᠠᠷ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠡᠳ᠋ ᠪᠣᠳᠠᠰ ᠤᠨ ᠨᠥᠭᠡᠴᠡ ᠶᠢ ᠰᠠᠶᠢᠲᠤᠷ ᠬᠢᠵᠦ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠬᠢᠬᠦ ᠶᠢ ᠦᠷᠭᠦᠯᠵᠢᠯᠡᠨ ᠠᠬᠢᠭᠤᠯᠵᠤ᠂ ᠤᠳᠤᠷᠢᠳᠬᠤ ᠺᠠᠳ᠋ᠷ ᠲᠠᠷᠢᠯᠭ᠎ᠠ ᠬᠢᠬᠦ ᠶᠢ ᠴᠢᠩᠭᠠᠳᠬᠠᠬᠤ ᠵᠡᠭᠦᠦ ᠶᠢᠨ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠠᠵᠢᠯ ᠤᠨ ᠭᠤᠭᠴᠤᠭ᠎ᠠ᠂ ᠠᠵᠢᠯ ᠤᠨ ᠬᠦᠷᠢᠶᠡᠨ ᠳᠠᠬᠢ ᠬᠠᠷᠢᠭᠤᠴᠠᠯᠭ᠎ᠠ ᠳᠤᠲᠠᠭᠳᠠᠵᠤ ᠪᠠᠶᠢᠭ᠎ᠠ ᠺᠠᠳ᠋ᠷ ᠢ ᠳᠠᠷᠤᠢ ᠲᠦᠷᠭᠡᠨ ᠬᠦᠨᠳᠦ ᠪᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠂ ︽ᠲᠠᠪᠤᠨ ᠪᠠᠶᠢᠬᠤ ᠨᠢᠭᠡ ᠲᠤᠤᠷᠴᠢᠯᠠᠯ︾ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠡᠷᠡᠭᠴᠡᠭᠡ ᠳᠤ ᠵᠣᠬᠢᠴᠠᠭᠤᠯᠤᠨ᠂ ᠭᠤᠤᠯᠳᠠᠯᠭ᠎ᠠ ᠲᠠᠢ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠰᠦᠨ ᠱᠦ ᠲᠤᠤ ᠪᠠᠰᠠ ᠭᠤᠤᠯᠳᠠᠯᠭ᠎ᠠ ᠲᠠᠢ ᠲᠥᠷᠥᠯ ᠵᠦᠢᠯ ᠪᠣᠯᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠶ᠃      ᠸᠠᠩ ᠯᠢ ᠳ᠋ᠦᠩ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠴᠢᠩᠭ᠎ᠠ ᠴᠠᠭᠠᠵᠠᠯᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠬᠦ᠂ ᠠᠯᠠᠩ ᠰᠠᠯᠠᠩ ᠪᠠᠶᠢᠬᠤ ᠶᠢ ᠴᠢᠩᠭ᠎ᠠ ᠴᠠᠭᠠᠵᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠬᠤ᠂ ᠬᠠᠷᠢᠯᠴᠠᠨ ᠲᠦᠯᠬᠢᠯᠴᠡᠬᠦ ᠶᠢ ᠴᠢᠩᠭ᠎ᠠ ᠴᠠᠭᠠᠵᠠᠯᠠᠵᠤ᠂ ᠬᠠᠷᠢᠭᠤᠴᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠵᠡᠷᠭᠡ ᠭᠤᠷᠪᠠᠨ ᠲᠠᠯ᠎ᠠ ᠠᠴᠠ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠴᠢᠬᠤᠯᠠᠴᠢᠯᠠᠨ ᠶᠠᠷᠢᠶ᠎ᠠ ᠲᠠᠯᠪᠢᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号