ᠮᠠᠨ ᠤ ᠬᠤᠰᠢᠭᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/28
     ᠣᠶᠢᠷ᠎ᠠ ᠳᠤ᠂ ᠬᠤᠰᠢᠭᠤ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠬᠤᠰᠢᠭᠤ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠤᠯᠠᠭᠠᠨᠮᠣᠳᠣ ᠰᠤᠮᠤ ᠳᠤ ᠭᠦᠨᠵᠡᠭᠡᠶᠢᠷᠡᠵᠦ᠂ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠠᠭᠠᠨᠮᠣᠳᠣ ᠰᠤᠮᠤ ᠶᠢᠨ ᠪᠥᠬᠦ ᠨᠠᠮ ᠤᠨ ᠭᠡᠰᠢᠭᠦᠨ ᠺᠠᠳ᠋ᠷ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃ ᠤᠬᠠᠭᠤᠯᠤᠨ ᠲᠠᠶᠢᠯᠪᠤᠷᠢᠯᠠᠬᠤ ᠳᠤᠮᠳᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨ ᠭᠦᠨᠵᠡᠭᠡᠶ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠠᠳᠬᠤᠬᠤ ᠳᠤ ᠡᠵᠡᠮᠰᠢᠬᠦ ᠴᠢᠬᠤᠯᠠᠲᠠᠶ ᠳᠥᠷᠪᠡᠨ ᠬᠠᠷᠢᠴᠠᠭ᠎ᠠ᠂ ᠲᠦᠯᠬᠢᠨ ᠠᠬᠢᠭᠤᠯᠬᠤ ᠲᠠᠪᠤᠨ ᠵᠦᠶ᠋ᠯ ᠤᠨ ᠭᠤᠤᠯᠳᠠᠯᠭ᠎ᠠ ᠲᠠᠢ ᠡᠭᠦᠷᠭᠡ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠵᠡᠷᠭᠡ ᠳᠦᠷᠪᠡᠨ ᠲᠠᠯ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠪᠠ᠂ ᠣᠯᠠᠨ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠴᠢᠨᠠᠷ ᠢ ᠨᠤᠲᠠᠯᠠᠪᠠ᠂ ᠤᠬᠠᠭᠤᠯᠤᠨ ᠲᠠᠶᠢᠯᠪᠤᠷᠢᠯᠠᠬᠤ ᠭᠤᠤᠯ ᠰᠡᠳᠦᠪ ᠢᠯᠡ ᠲᠣᠳᠣ᠂ ᠠᠭᠤᠯᠭ᠎ᠠ ᠪᠠᠷ ᠪᠠᠶᠠᠯᠢᠭ᠂ ᠲᠤᠭᠤᠷᠠᠲᠠᠯ᠎ᠠ ᠥᠭᠦᠯᠡᠬᠦ᠂ ᠣᠨᠣᠯ ᠤᠨ ᠲᠠᠯ᠎ᠠ ᠪᠠᠷ ᠬᠢ ᠬᠤᠷᠢᠶᠠᠩᠭᠤᠶᠢᠯᠠᠯ ᠪᠠᠶᠢᠬᠤ ᠮᠦᠷᠲᠡᠭᠡᠨ ᠦᠢᠯᠡᠳᠦᠯᠭᠡ ᠶᠢᠨ ᠲᠠᠯ᠎ᠠ ᠶᠢᠨ ᠵᠢᠯᠣᠭᠤᠳᠣᠯᠭ᠎ᠠ ᠲᠠᠢ᠃ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠥᠷᠭᠡᠨ ᠣᠯᠠᠨ ᠺᠠᠳ᠋ᠷ ᠣᠯᠠᠨ ᠲᠦᠮᠡᠨ ᠢ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠥᠭᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠳᠦᠰᠦᠲᠡᠨ ᠤ ᠠᠵᠢᠯ ᠤᠨ ᠲᠤᠬᠠᠶ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠡᠭᠦᠷᠭᠡ ᠲᠠᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号