ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯᠯᠠᠭ᠎ᠠ ᠳᠤ ᠦᠨᠡᠨ ᠰᠡᠳᠬᠢᠯ ᠪᠢᠯᠬᠠᠵᠤ ᠡᠷᠡᠭᠦᠯ ᠮᠡᠨᠳᠦ ᠠᠯᠪᠠᠨ ᠵᠢᠷᠤᠮ ᠤᠨ ᠡᠮᠴᠢᠯᠡᠭᠡ ᠨᠢ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2021/10/28
    10 ᠰᠠᠷ᠎ᠠ ᠶᠢᠨ 15 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠲᠠᠢ ᠬᠠᠮᠲᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠤᠳᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠢᠷᠡᠵᠦ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢᠨ ᠲᠠᠶᠢᠯᠤᠮᠵᠢ ᠬᠢᠪᠠ᠃ ᠭᠡᠷ ᠤᠨ ᠭᠠᠳᠠᠨᠠᠬᠢ ᠠᠭᠠᠷ ᠤᠨ ᠳᠤᠯᠠᠭᠠᠨ ᠬᠦᠢᠳᠡᠷᠡᠭᠰᠡᠨ ᠪᠣᠯᠪᠠᠴᠤ ᠬᠠᠶᠢᠳᠢᠶᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠱᠢ ᠵᠢᠶᠦ᠋ᠨ ᠮᠧᠢ ᠡᠮᠴᠢ ᠶᠢᠨ ᠬᠢᠴᠢᠶᠡᠯᠯᠡᠬᠦ ᠬᠠᠯᠠᠭᠤᠨ ᠰᠡᠳᠬᠢᠯᠭᠡ ᠶᠢ ᠦᠴᠦᠭᠡᠨ ᠴᠦ ᠬᠤᠷᠢᠭᠯᠠᠵᠤ ᠳᠡᠶᠢᠯᠬᠦ ᠦᠭᠡᠢ ᠪᠠᠶᠢᠯ᠎ᠠ᠃ ᠤᠯᠠᠭᠠᠨᠮᠣᠳᠣ ᠶᠢᠨ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠬᠤᠷᠠᠯ ᠤᠨ ᠭᠡᠷ ᠲᠤ᠂ ᠱᠢ ᠵᠢᠶᠦ᠋ᠨ ᠮᠧᠶ ᠡᠮᠴᠢ ᠶᠠᠭ ᠮᠠᠯᠴᠢᠳ ᠲᠤ ᠡᠮᠡᠭᠲᠡᠶᠢᠴᠤᠳ ᠤᠨ ᠰᠠᠪᠠ ᠶᠢᠨ ᠬᠦᠵᠦᠭᠦᠨ ᠤ ᠥᠮᠡᠨ ᠤ ᠬᠤᠤᠷ ᠬᠥᠨᠥᠭᠡᠯ ᠵᠢᠴᠢ ᠵᠣᠬᠢᠴᠠᠩᠭᠤᠶ ᠤᠷᠢᠳᠴᠢᠯᠠᠨ ᠰᠡᠷᠭᠡᠶᠢᠯᠡᠬᠦ ᠠᠷᠭ᠎ᠠ ᠮᠠᠶ᠋ᠢᠭ ᠢ ᠶᠠᠷᠢᠵᠤ ᠦᠭᠭᠦᠯ᠎ᠡ᠃ ᠡᠭᠦᠨ ᠤ ᠬᠠᠮᠲᠤ᠂ ᠣᠯᠠᠨ ᠲᠦᠮᠡᠨ ᠢ ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠶᠢ ᠢᠳᠡᠪᠬᠢᠲᠡᠶ ᠬᠢᠵᠦ᠂ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠬᠦ ᠶᠢ ᠤᠷᠢᠶᠠᠯᠠᠪᠠ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ ᠂ ᠡᠮᠨᠡᠨ ᠵᠠᠰᠠᠬᠤ ᠶᠢ ᠬᠦᠯᠢᠶᠡᠵᠦ ᠪᠠᠶᠢᠭ᠎ᠠ ᠮᠠᠯᠴᠢᠨ ᠲᠦᠮᠡᠨ ᠤᠬᠠᠮᠰᠠᠷ ᠠᠴᠠ ᠪᠠᠨ ᠮᠥᠷᠯᠡᠵᠦ᠂ ᠱᠢ ᠵᠢᠶᠦ᠋ᠨ ᠮᠧᠶ ᠡᠮᠴᠢ ᠡᠪᠡᠳᠴᠢᠲᠡᠨ ᠨᠢᠭᠡᠪᠦᠷᠢ ᠶᠢᠨ ᠡᠪᠡᠳᠴᠢᠨ ᠤ ᠪᠠᠶᠢᠳᠠᠯ ᠢ ᠨᠠᠷᠢᠨ ᠠᠰᠠᠭᠤᠭᠰᠠᠨ ᠪᠥᠭᠡᠳ ᠵᠦᠶ ᠵᠣᠬᠢᠰᠲᠠᠶ ᠡᠮᠨᠡᠨ ᠵᠠᠰᠠᠬᠤ ᠰᠠᠨᠠᠯ ᠳᠤᠷᠠᠳᠴᠠᠶ᠃ ︽ᠥᠨᠥᠳᠦᠷ ᠡᠮᠦᠨᠡᠲᠦ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠡᠮᠴᠢ ᠨᠡᠷ ᠪᠣᠯᠤᠨ ᠪᠡᠭᠡᠵᠢᠩ ᠤᠨ ᠡᠮᠴᠢ ᠨᠡᠷ ᠮᠠᠨ ᠤ ᠤᠯᠠᠭᠠᠨᠮᠣᠳᠣ ᠰᠤᠮᠤᠨ ᠳᠤ ᠢᠷᠡᠵᠦ᠂ ᠮᠠᠯᠴᠢᠨ ᠲᠠᠷᠢᠶᠠᠴᠢᠨ ᠡᠮᠡᠭᠲᠡᠶᠢᠴᠦᠳ ᠪᠣᠯᠤᠨ ᠨᠠᠰᠤᠲᠠᠶᠢᠴᠤᠳ ᠤᠨ ᠠᠯᠪᠠᠨ ᠵᠢᠷᠤᠮ ᠤᠨ ᠡᠮᠴᠢᠯᠡᠭᠡ ᠬᠢᠭᠰᠡᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ᠃︾ ᠭᠡᠵᠤ ᠮᠠᠯᠴᠢᠨ ᠾᠧ ᠬᠤᠩ ᠶᠠᠨ ᠠᠩᠬᠠᠳᠠᠭᠴᠢ ᠣᠨᠣᠰᠢᠯᠠᠭᠳᠠᠭᠰᠠᠨ ᠡᠪᠡᠳᠴᠢᠲᠡᠨ ᠪᠣᠯᠤᠭᠰᠠᠨ ᠤ ᠬᠤᠪᠢ ᠳᠤ ᠮᠠᠰᠢ ᠰᠡᠳᠬᠢᠯ ᠳᠣᠭᠳᠣᠯᠵᠤ ᠬᠡᠯᠡᠵᠤ ᠭᠠᠷᠤᠯ᠎ᠠ᠃ ᠤᠯᠠᠭᠠᠨᠮᠣᠳᠣ ᠳᠤᠮᠳᠠᠳᠤ ᠰᠤᠷᠭᠠᠭᠤᠯᠢ ᠶᠢᠨ ᠬᠤᠷᠠᠯ ᠤᠨ ᠭᠡᠷ ᠲᠤ ᠴᠦ ᠬᠦᠷ ᠨᠠᠷᠬᠢᠶᠠᠨ ᠪᠢᠯᠬᠠᠮ᠎ᠠ ᠪᠠᠶᠢᠯ᠎ᠠ᠃ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠨᠢᠳᠦᠨ ᠤ ᠰᠠᠯᠠᠭᠠᠨ ᠤ ᠭᠤᠤᠯ ᠡᠮᠴᠢ ᠹᠤᠩ ᠵᠢᠩ ᠵᠢᠩ ᠱᠤᠭ ᠶᠦᠮᠦᠷᠯᠢᠭ ᠦᠭᠡ ᠬᠡᠯᠡ ᠪᠠᠷ ᠪᠠᠭᠰᠢ ᠰᠤᠷᠤᠭᠴᠢᠳ ᠲᠤ ︽ᠣᠶᠢᠷ᠎ᠠ ᠬᠠᠷᠠᠭ᠎ᠠ ᠶᠢᠨ ᠨᠢᠭᠤᠴᠠ︾ ᠭᠡᠬᠦ ᠬᠢᠴᠢᠶᠡᠯ ᠢ ᠲᠠᠶᠢᠯᠪᠤᠷᠢᠯᠠᠨ ᠥᠭᠴᠦ᠂ ᠵᠠᠭᠪᠤᠷ ᠪᠠ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠳᠠᠮᠵᠢᠭᠤᠯᠤᠨ ᠣᠯᠠᠨ ᠳᠤ ᠣᠶᠢᠷ᠎ᠠ ᠬᠠᠷᠠᠭ᠎ᠠ ᠶᠢᠨ ᠪᠣᠶ ᠪᠣᠯᠤᠭᠰᠠᠨ ᠰᠢᠯᠲᠠᠭᠠᠨ ᠤ ᠬᠦᠨᠳᠦ ᠨᠣᠴᠢᠲᠠᠶ ᠴᠢᠨᠠᠷ ᠢ ᠲᠠᠶᠢᠯᠪᠤᠷᠢᠯᠠᠨ ᠥᠭᠴᠦ᠂ ᠰᠤᠷᠤᠭᠴᠢᠳ ᠲᠤ ᠮᠠᠰᠢ ᠶᠡᠭᠡ ᠠᠰᠢᠭ ᠬᠦᠷᠲᠡᠭᠡᠪᠡ᠃ ᠡᠮᠴᠢ ᠶᠢᠨ ᠶᠠᠷᠢᠬᠤ ᠶᠢ ᠰᠣᠨᠣᠰᠤᠭᠰᠠᠨ ᠤ ᠳᠠᠷᠠᠭ᠎ᠠ᠂ ᠥᠪᠡᠷ ᠤᠨ ᠨᠢᠳᠦ ᠪᠠᠨ ᠬᠡᠷᠡᠭᠯᠡᠬᠦ ᠮᠠᠰᠢ ᠣᠯᠠᠨ ᠮᠠᠭᠤ ᠳᠠᠳᠬᠠᠯ ᠲᠠᠢ ᠪᠠᠶᠢᠬᠤ ᠪᠠᠨ ᠣᠯᠵᠤ ᠮᠡᠳᠡᠵᠡᠢ᠂ ᠬᠤᠶᠢᠰᠢᠳᠠ ᠮᠠᠭᠤ ᠳᠠᠳᠬᠠᠯ ᠢᠶᠠᠨ ᠬᠤᠪᠢᠷᠠᠭᠤᠯᠵᠤ᠂ ᠥᠪᠡᠷ ᠤᠨ ᠨᠢᠳᠦᠨ ᠤ ᠡᠷᠡᠭᠦᠯ ᠮᠡᠨᠳᠦ ᠪᠠᠨ ᠪᠠᠲᠤᠯᠠᠨ᠎ᠠ ᠭᠡᠵᠦ ᠰᠤᠷᠤᠭᠴᠢᠳ ᠬᠤᠶᠢᠨ᠎ᠠ ᠡᠮᠦᠨ᠎ᠡ ᠢᠯᠡᠷᠬᠡᠶᠢᠯᠡᠵᠡᠭᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号