︵2021 ᠣᠨ ᠤ 10 ᠰᠠᠷ᠎ᠠ ᠶᠢᠨ 25 ᠤ ᠡᠳᠦᠷ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠢᠭᠦᠯᠡᠭᠴᠢ ᠰᠢ ᠶᠢᠨ ᠫᠢᠩ ᠬᠦᠨᠳᠦᠲᠦ ᠬᠦᠲ᠋ᠧᠯᠸᠢᠢᠰ ᠨᠠᠷᠢᠨ ᠪᠢᠴᠢᠭ ᠤᠨ ᠳᠠᠷᠤᠭ᠎ᠠ᠂ ᠳᠤᠮᠳᠠᠳᠤ | ᠤᠯᠤᠰ ᠲᠤ ᠰᠠᠭᠤᠭ᠎ᠠ ᠡᠯᠴᠢᠳ ᠰᠠᠶᠢᠳ ᠪᠣᠯᠤᠨ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ | ᠤᠯᠤᠰ ᠲᠤ ᠰᠠᠭᠤᠭ᠎ᠠ ᠲᠥᠯᠥᠭᠡᠯᠡᠭᠴᠢᠳ᠂ ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠡ᠄ 50 ᠵᠢᠯ ᠤᠨ | ᠡᠮᠦᠨᠡᠬᠢ ᠥᠨᠥᠳᠦᠷ᠂ ᠬᠤᠷᠢᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠶᠡᠭᠡ ᠬᠤᠷᠠᠯ ᠠᠴᠠ ᠳᠡᠶᠢᠯᠦᠩᠭᠦᠶ ᠤᠯᠠᠨ ᠲᠤᠭ᠎ᠠ ᠪᠠᠷ 2758 ᠳ᠋ᠤᠭᠠᠷ ᠲᠣᠭᠠᠲᠤ ᠰᠢᠢᠳᠪᠦᠷᠢ ᠶᠢ ᠪᠠᠲᠤᠯᠠᠵᠤ᠂ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ | ᠠᠯᠢᠪᠠ ᠡᠷᠬᠡ ᠶᠢ ᠰᠡᠷᠭᠦᠭᠡᠬᠦ ᠪᠠᠷ ᠲᠣᠭᠲᠠᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠲᠥᠯᠥᠭᠡᠯᠡᠭᠴᠢ ᠪᠣᠯ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ | ᠴᠤᠷ ᠤᠨ ᠭᠠᠭᠴᠠ ᠬᠠᠤᠯᠢ ᠶᠣᠰᠣᠨ ᠤ ᠲᠥᠯᠥᠭᠡᠯᠡᠭᠴᠢ ᠪᠣᠯᠬᠤ ᠶᠢ ᠮᠡᠳᠡᠷᠡᠪᠡ᠃ ᠡᠨᠡ ᠪᠣᠯ ᠳᠤᠮᠳᠠᠳᠤ ᠤᠯᠤᠰ ᠤᠨ | ᠠᠷᠠᠳ ᠲᠦᠮᠡᠨ ᠤ ᠢᠯᠠᠯᠲᠠ ᠮᠥᠨ᠂ ᠪᠠᠰᠠ ᠴᠤ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠤ ᠢᠯᠠᠯᠲᠠ | ᠮᠥᠨ︕ ᠥᠨᠥᠳᠦᠷ᠂ ᠡᠨᠡ ᠬᠦ ᠣᠨᠴᠠᠭᠠᠶ ᠡᠳᠦᠷ᠂ ᠪᠢᠳᠡ ᠨᠢᠭᠡ ᠲᠠᠩᠬᠢᠮ ᠳᠤ ᠴᠤᠭᠯᠠᠷᠠᠨ᠂ ᠲᠡᠦᠬᠡ ᠪᠠᠨ | ᠡᠷᠭᠢᠴᠡᠭᠦᠯᠵᠦ᠂ ᠢᠷᠡᠭᠡᠳᠦᠶ ᠪᠠᠨ ᠪᠠᠷᠠᠯᠠᠬᠤ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠃ ᠰᠢᠨ᠎ᠡ ᠳᠤᠮᠳᠠᠳᠤ | ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠣᠷᠣᠨ ᠪᠠᠶᠢᠷᠢ ᠪᠠᠨ | ᠰᠡᠷᠭᠦᠭᠡᠭᠰᠡᠨ ᠶᠠᠪᠤᠳᠠᠯ ᠪᠣᠯ ᠳᠡᠯᠡᠬᠡᠶ ᠳᠡᠭᠡᠷᠡᠬᠢ ᠴᠢᠬᠤᠯᠠ ᠨᠢᠭᠡᠨ ᠬᠡᠷᠡᠭ ᠶᠠᠪᠤᠳᠠᠯ ᠮᠥᠨ᠂ ᠪᠠᠰᠠ ᠴᠤ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠢᠬᠤᠯᠠ ᠨᠢᠭᠡᠨ ᠬᠡᠷᠡᠭ ᠶᠠᠪᠤᠳᠠᠯ ᠮᠥᠨ᠃ ᠡᠨᠡ ᠪᠣᠯ ᠳᠡᠯᠡᠬᠡᠶ ᠶᠢᠨ | ᠡᠩᠭᠡ ᠲᠠᠶᠢᠪᠤᠩ ᠢ ᠡᠷᠬᠢᠮᠯᠡᠭᠴᠢ ᠪᠠ ᠰᠢᠳᠤᠷᠭᠤ ᠶᠣᠰᠣ ᠶᠢ ᠪᠠᠷᠢᠮᠲᠠᠯᠠᠳᠠᠭ ᠤᠯᠤᠰ ᠪᠦᠬᠦᠨ ᠤ ᠬᠠᠮᠲᠤ ᠶᠢᠨ | ᠴᠢᠷᠮᠠᠶᠢᠯᠭ᠎ᠠ ᠶᠢᠨ ᠦᠷ᠎ᠡ ᠳ᠋ᠦᠩ ᠮᠥᠨ᠃ ᠡᠨᠡ ᠨᠢ ᠳᠡᠯᠡᠬᠡᠶ ᠶᠢᠨ ᠬᠥᠮᠦᠨ ᠠᠮᠠ ᠶᠢᠨ ᠳᠥᠷᠪᠡᠨ ᠤ ᠨᠢᠭᠡ ᠬᠤᠪᠢ ᠶᠢ | ᠡᠵᠡᠯᠡᠬᠦ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠲᠠᠶᠢᠰᠠᠨ ᠳᠡᠭᠡᠷ᠎ᠡ ᠰᠢᠨ᠎ᠡ ᠪᠠᠷ ᠠᠯᠬᠤᠨ ᠭᠠᠷᠤᠭᠰᠠᠨ ᠢ ᠪᠡᠯᠭᠡᠳᠡᠵᠦ ᠪᠠᠶᠢᠨ᠎ᠠ᠃ ᠡᠨᠡ ᠨᠢ ᠳᠤᠮᠳᠠᠳᠤ | ᠤᠯᠤᠰ ᠪᠠ ᠳᠡᠯᠡᠬᠡᠶ ᠳ᠋ᠠᠬᠢᠨ ᠳᠤ ᠴᠥᠮ ᠴᠢᠬᠤᠯᠠ ᠶᠡᠭᠡ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ | ᠃ ᠠᠳᠡ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠢ | ᠲᠥᠯᠥᠭᠡᠯᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ 2758 ᠳ᠋ᠤᠭᠠᠷ ᠲᠣᠭᠠᠲᠤ | ᠰᠢᠢᠳᠪᠦᠷᠢ ᠶᠢᠨ ᠪᠤᠢ ᠪᠦᠬᠦᠢ ᠰᠠᠨᠠᠯ ᠵᠥᠪᠯᠡᠯᠭᠡ ᠳᠤᠷᠠᠳᠤᠭᠰᠠᠨ ᠤᠯᠤᠰ ᠪᠠ ᠳᠡᠮᠵᠢᠭᠰᠡᠨ ᠤᠯᠤᠰ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠳᠤᠷᠭᠤ ᠶᠣᠰᠣ ᠶᠢ ᠪᠠᠷᠢᠮᠲᠠᠯᠠᠳᠠᠭ ᠠᠯᠢᠪᠠ ᠤᠯᠤᠰ ᠣᠷᠣᠨ ᠪᠠ | ᠠᠷᠠᠳ ᠲᠦᠮᠡᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠠᠪᠠᠭ᠋ᠠᠶ ᠨᠠᠷ᠂ ᠠᠪᠤᠭᠠᠶ ᠨᠠᠷ᠂ | ᠨᠠᠶᠢᠵᠠ ᠨᠥᠬᠦᠳ ᠨᠠᠷ ᠡ︕ ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ | ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ ᠠᠴᠠ ᠨᠠᠭᠠᠰᠢᠬᠢ 50 ᠵᠢᠯ ᠪᠣᠯ ᠳᠤᠮᠳᠠᠳᠤ ᠤᠯᠤᠰ | ᠨᠠᠶᠢᠷᠠᠮᠳᠠᠯ ᠢᠶᠠᠷ ᠬᠥᠭᠵᠢᠵᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃ — | ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠬᠦᠴᠦᠷᠬᠡᠭᠵᠢᠬᠦ ᠪᠠᠷ ᠬᠦᠴᠦᠯᠡᠨ | ᠴᠢᠷᠮᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠪᠠᠭᠠᠨ ᠬᠥᠷᠪᠡᠭᠡᠨ ᠲᠠᠢ ᠬᠤᠪᠢᠷᠠᠯᠲᠠ ᠳᠤᠮᠳᠠ ᠳᠤᠮᠳᠠᠳᠤ | ᠤᠯᠤᠰ ᠤᠨ ᠤᠷᠤᠭᠰᠢᠯᠠᠯᠲᠠ ᠶᠢᠨ ᠴᠢᠭᠯᠡᠯ ᠢ ᠡᠵᠡᠮᠳᠡᠵᠦ᠂ ᠳᠤᠮᠳᠠᠳᠤ ᠤᠯᠤᠰ ᠵᠢᠴᠢ ᠬᠥᠮᠦᠨ ᠲᠥᠷᠥᠯᠬᠢᠲᠡᠨ ᠤ | ᠬᠥᠭᠵᠢᠯᠲᠡ ᠶᠢᠨ ᠠᠤᠭ᠎ᠠ ᠲᠤᠤᠯᠢᠰ ᠢ ᠪᠢᠴᠢᠭᠯᠡᠵᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ | ᠨᠠᠭᠠᠰᠢᠬᠢ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠰᠠᠭᠤᠷᠢᠨ ᠳᠡᠭᠡᠷ᠎ᠡ᠂ ᠳᠤᠮᠳᠠᠳᠤ | ᠤᠯᠤᠰ ᠤᠨ ᠠᠷᠠᠳ ᠲᠦᠮᠡᠨ ᠥᠭᠡᠷᠡᠴᠢᠯᠡᠯᠲᠡ ᠨᠡᠭᠡᠭᠡᠯᠳᠡ ᠶᠢᠨ ᠲᠡᠦᠬᠡ ᠶᠢᠨ ᠰᠢᠨ᠎ᠡ ᠴᠠᠭ ᠦᠶ᠎ᠡ ᠶᠢ ᠨᠡᠭᠡᠭᠡᠵᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠨᠡᠭᠡᠭᠡᠨ ᠬᠥᠭᠵᠢᠭᠦᠯᠵᠦ᠂ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠳᠠ ᠦᠭᠡᠢ ᠴᠢᠯᠥᠭᠡᠯᠡᠨ ᠬᠥᠭᠵᠢᠭᠦᠯᠵᠦ᠂ ᠠᠮᠢᠳᠤᠷᠠᠯ ᠤᠨ | ᠬᠢᠷᠢ ᠲᠦᠪᠰᠢᠨ ᠶᠢ ᠲᠠᠰᠤᠷᠠᠯᠳᠠ ᠦᠭᠡᠢ ᠳᠡᠭᠡᠭᠰᠢᠯᠡᠭᠦᠯᠦᠭᠡᠳ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠪᠠᠷ | ᠬᠤᠴᠣᠷᠤᠩᠭᠤᠶ ᠪᠠᠶᠢᠭᠰᠠᠨ ᠪᠠᠶᠢᠳᠠᠯ ᠠᠴᠠ ᠪᠠᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠡᠯᠡᠬᠡᠶ ᠶᠢᠨ | ᠬᠤᠶᠠᠳᠤᠭᠠᠷ ᠲᠤ ᠲᠠᠪᠰᠢᠨ ᠤᠷᠤᠭᠰᠠᠨ ᠲᠡᠦᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠪᠡ᠃ ᠰᠢᠷᠭᠠᠭᠤ | ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠬᠤᠶᠠᠷ | ᠭᠠᠷ ᠢᠶᠠᠷ ᠢᠶᠠᠨ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠬᠠᠷᠠᠯᠲᠠ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠵᠤ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ | ᠰᠢᠢᠳᠪᠦᠷᠢᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ | ᠰᠠᠷᠠᠭᠤᠯ ᠢᠷᠡᠭᠡᠳᠦᠢ ᠶᠢ ᠤᠭᠲᠤᠨ ᠠᠪᠴᠢᠷᠠᠵᠠᠢ᠃ — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ | ᠲᠦᠮᠡᠨ ᠢᠮᠠᠭᠲᠠ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠲᠠᠢ ᠪᠦᠯᠬᠦᠮᠳᠡᠨ ᠬᠠᠮᠲᠤᠷᠠᠯᠴᠠᠵᠤ᠂ | ᠳᠡᠯᠡᠬᠡᠶ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠳᠡᠯᠡᠬᠡᠶ ᠶᠢᠨ ᠡᠩᠭᠡ ᠲᠠᠶᠢᠪᠤᠩ ᠪᠣᠯᠤᠨ | ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ ᠳᠤᠮᠳᠠᠳᠤ ᠤᠯᠤᠰ ᠤᠨ ᠠᠷᠠᠳ ᠲᠦᠮᠡᠨ | ᠡᠩᠬᠡ ᠲᠠᠶᠢᠪᠤᠩ ᠢ ᠡᠷᠬᠢᠮᠯᠡᠵᠦ᠂ ᠡᠩᠬᠡ ᠲᠠᠶᠢᠪᠤᠩ ᠠᠮᠤᠷ ᠲᠦᠪᠰᠢᠨ ᠤ ᠡᠷᠬᠢᠮ ᠨᠠᠨᠳᠢᠨ ᠢ ᠭᠦᠨ ᠣᠶᠢᠯᠠᠭᠠᠵᠤ᠂ | ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ | ᠢᠮᠠᠭᠲᠠ ᠬᠡᠷᠡᠭᠵᠢᠭᠦᠯᠵᠦ᠂ ᠭᠤᠣᠯᠴᠢ ᠶᠣᠰᠣ ᠶᠢ ᠪᠠᠷᠢᠮᠲᠠᠯᠠᠨ᠂ ᠰᠢᠳᠤᠷᠭᠤ ᠶᠣᠰᠣ ᠶᠢ ᠮᠠᠨᠳᠤᠭᠤᠯᠵᠤ᠂ ᠡᠵᠡᠷᠬᠡᠬᠦ | ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠭᠰᠡᠭᠡᠷ ᠢᠷᠡᠪᠡ᠃ ᠳᠤᠮᠳᠠᠳᠤ ᠤᠯᠤᠰ ᠤᠨ | ᠠᠷᠠᠳ ᠲᠦᠮᠡᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠲᠤᠰ ᠪᠡᠶ᠎ᠡ ᠶᠢᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ ᠢᠮᠠᠭᠲᠠ | ᠳᠡᠮᠵᠢᠭᠰᠡᠭᠡᠷ ᠢᠷᠡᠪᠡ᠃ ᠳᠤᠮᠳᠠᠳᠤ ᠤᠯᠤᠰ ᠤᠨ ᠠᠷᠠᠳ ᠲᠦᠮᠡᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠠᠷ | ᠬᠦᠴᠦᠯᠡᠨ ᠴᠢᠷᠮᠠᠶᠢᠵᠤ᠂ ︽ᠲᠠᠨᠽᠠᠨᠢᠶ᠎ᠠ ᠽᠠᠮᠪᠢᠶ᠎ᠠ ᠶᠢᠨ ᠲᠡᠮᠦᠷ ᠵᠠᠮ︾ ᠠᠴᠠ ︽ᠨᠢᠭᠡ ᠪᠦᠰᠡ ᠨᠢᠭᠡ ᠵᠠᠮ︾ | ᠬᠦᠷᠲᠡᠯ᠎ᠡ᠂ ᠬᠥᠭᠵᠢᠵᠦ ᠪᠠᠶᠢᠭ᠎ᠠ ᠤᠯᠤᠰ ᠤᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ | ᠳᠤᠮᠳᠠᠳᠤ ᠤᠯᠤᠰ ᠤᠨ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠢ ᠲᠠᠰᠤᠷᠠᠯᠲᠠ ᠦᠭᠡᠢ | ᠬᠠᠩᠭᠠᠵᠤ ᠪᠠᠶᠢᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠢ | ᠪᠦᠷᠬᠦᠭᠰᠡᠨ ᠠᠶᠤᠯ ᠲᠦᠭᠰᠢᠭᠦᠷᠢ ᠲᠠᠢ ᠦᠶ᠎ᠡ ᠳᠤ᠂ ᠳᠤᠮᠳᠠᠳᠤ ᠤᠯᠤᠰ ᠳᠡᠯᠡᠬᠡᠢ ᠳ᠋ᠠᠬᠢᠨ ᠯᠤᠭ᠎ᠠ ᠰᠡᠷᠭᠡᠶᠢᠯᠡᠨ | ᠡᠵᠡᠮᠳᠡᠬᠦ ᠲᠤᠷᠰᠢᠯᠭ᠎ᠠ ᠪᠠᠨ ᠢᠳᠡᠪᠬᠢᠲᠡᠢ ᠬᠤᠪᠢᠶᠠᠯᠴᠠᠵᠤ᠂ ᠡᠯ᠎ᠡ ᠤᠯᠤᠰ ᠲᠤ ᠶᠡᠭᠡ ᠬᠡᠮᠵᠢᠶᠡᠨ ᠤ ᠬᠢᠵᠢᠭ ᠢ | ᠡᠰᠡᠷᠭᠦᠴᠡᠬᠦ ᠡᠳ᠋ ᠪᠣᠳᠠᠰ᠂ ᠸᠠᠺᠼᠢᠨ ᠪᠠ ᠡᠮ ᠤᠨ ᠵᠦᠢᠯᠡᠰ ᠢ ᠬᠦᠷᠭᠡᠵᠦ᠂ ᠸᠢᠷᠦ᠋ᠰ ᠤᠨ ᠡᠬᠢ ᠡᠭᠦᠰᠦᠯ ᠢ ᠡᠷᠢᠬᠦ | ᠰᠢᠨᠵᠢᠯᠡᠬᠦ ᠤᠬᠠᠭᠠᠨᠴᠢ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠬᠥᠮᠦᠨ ᠲᠥᠷᠥᠯᠬᠢᠲᠡᠨ ᠤ ᠬᠢᠵᠢᠭ ᠤᠨ | ᠪᠠᠶᠢᠳᠠᠯ ᠢ ᠲᠦᠢᠯᠪᠤᠷᠢᠲᠠᠢ ᠢᠯᠠᠨ ᠳᠠᠪᠠᠭ᠋ᠤ ᠶᠢᠨ ᠲᠥᠯᠥᠭᠡ ᠦᠨᠡᠨ ᠰᠡᠳᠬᠢᠯ ᠠᠴᠠ ᠪᠠᠨ ᠢᠳᠡᠪᠬᠢᠲᠡᠢ ᠴᠢᠷᠮᠠᠶᠢᠵᠤ | ᠪᠤᠢ᠃ — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠣᠯᠤᠨ ᠪᠠᠶᠢᠷᠢ ᠰᠠᠭᠤᠷᠢ ᠶᠢ ᠬᠠᠮᠠᠭᠠᠯᠠᠵᠤ᠂ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠳᠤᠮᠳᠠᠳᠤ ᠤᠯᠤᠰ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠬᠠᠮᠲᠤᠷᠠᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠪᠡ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠨ ᠲᠤᠰᠢᠶᠠᠯ | ᠬᠠᠷᠢᠭᠤᠴᠠᠯᠭ᠎ᠠ ᠪᠠ ᠳᠠᠷᠬᠠᠨ ᠡᠭᠦᠷᠭᠡ ᠪᠠᠨ ᠦᠨᠡᠨᠴᠢ ᠪᠠᠷ ᠭᠦᠢᠴᠡᠳᠬᠡᠵᠦ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠨ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠭᠤᠣᠯᠯᠠᠬᠤ ᠦᠢᠯᠡᠳᠦᠯ ᠢ ᠬᠠᠮᠠᠭᠠᠯᠠᠪᠠ᠃ | ᠳᠤᠮᠳᠠᠳᠤ ᠤᠯᠤᠰ ᠵᠦᠷᠢᠴᠡᠯ ᠵᠢᠭᠤᠷᠠᠯᠳᠤᠭᠠᠨ ᠢ ᠨᠠᠶᠢᠷᠠᠮᠳᠠᠯ ᠬᠡᠯᠪᠡᠷᠢ ᠤᠯᠤᠰ ᠲᠦᠷᠦ ᠶᠢᠨ ᠠᠷᠭ᠎ᠠ ᠪᠠᠷ | ᠰᠢᠢᠳᠪᠦᠷᠢᠯᠡᠬᠦ ᠶᠢ ᠢᠳᠡᠪᠬᠢᠲᠡᠶ ᠰᠠᠨᠠᠭᠠᠴᠢᠯᠠᠵᠤ᠂ 5 ᠲᠦᠮᠡ ᠭᠠᠷᠤᠶ ᠬᠥᠮᠦᠨ ᠤᠳᠠᠭ᠎ᠠ ᠲᠣᠮᠢᠯᠠᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠭᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠵᠤ᠂ | ᠨᠢᠭᠡᠨᠲᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠤᠷᠠᠯ ᠤᠨ ᠰᠦᠢᠳᠬᠡᠯ ᠤᠨ ᠬᠤᠶᠠᠳᠤᠭᠠᠷ ᠲᠤᠮᠤ | ᠤᠯᠤᠰ᠂ ᠡᠩᠭᠡ ᠲᠠᠶᠢᠪᠤᠩ ᠢ ᠬᠠᠮᠠᠭᠠᠯᠠᠬᠤ ᠵᠣᠭᠤᠰ ᠶᠢ ᠬᠤᠪᠢᠶᠠᠨ ᠲᠥᠯᠥᠬᠦ ᠬᠤᠶᠠᠳᠤᠭᠠᠷ ᠲᠤᠮᠤ ᠤᠯᠤᠰ | ᠪᠣᠯᠤᠭᠰᠠᠨ ᠪᠠᠶᠢᠨ᠎ᠠ᠃ ᠳᠤᠮᠳᠠᠳᠤ ᠤᠯᠤᠰ ᠡᠩ ᠲᠡᠷᠢᠭᠦᠨ ᠳᠤ ᠤᠯᠠᠨ ᠤᠯᠤᠰ ᠤᠨ ᠬᠤᠯᠪᠣᠭᠠᠲᠤ | ᠪᠠᠶᠢᠭᠤᠯᠤᠯᠭ᠎ᠠ ᠶᠢᠨ ᠮᠢᠩᠭᠠᠨ ᠣᠨ ᠤ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ 2030 ᠣᠨ ᠤ | ᠦᠷᠭᠦᠯᠵᠢᠯᠡᠬᠦ᠋ᠢᠴᠡ ᠬᠥᠭᠵᠢᠯᠲᠡ ᠶᠢᠨ ᠵᠥᠪᠯᠡᠬᠦ ᠵᠦᠢᠯ ᠢ ᠲᠦᠷᠦᠭᠦᠯᠡᠨ ᠨᠠᠶᠢᠳᠠᠪᠤᠷᠢᠵᠢᠭᠤᠯᠵᠤ᠂ ᠳᠡᠯᠡᠬᠡᠢ ᠶᠢᠨ | ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠳᠤ ᠦᠵᠡᠭᠦᠯᠦᠭᠰᠡᠨ ᠨᠥᠯᠥᠭᠡ 70% ᠶᠢ ᠳᠠᠪᠠᠵᠠᠢ᠃ | ᠳᠤᠮᠳᠠᠳᠤ ᠤᠯᠤᠰ ᠢᠮᠠᠭᠲᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠪᠠ ︽ | ᠳᠡᠯᠡᠬᠡᠶ ᠶᠢᠨ ᠬᠥᠮᠦᠨ ᠤ ᠡᠷᠬᠡ ᠶᠢᠨ ᠲᠤᠩᠬᠠᠭ︾ ᠤᠨ ᠵᠣᠷᠢᠭ ᠰᠠᠨᠠᠭ᠎ᠠ ᠶᠢ ᠵᠢᠷᠤᠮᠯᠠᠵᠤ᠂ ᠬᠥᠮᠦᠨ ᠤ ᠡᠷᠬᠡ ᠶᠢᠨ | ᠲᠦᠭᠡᠮᠡᠯ ᠴᠢᠨᠠᠷ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭ | ᠦᠶ᠎ᠡ ᠶᠢᠨ ᠤᠷᠤᠰᠬᠠᠯ ᠳᠤ ᠨᠡᠶᠢᠴᠡᠭᠰᠡᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠬᠥᠮᠦᠨ ᠤ ᠡᠷᠬᠡ ᠶᠢᠨ | ᠬᠥᠭᠵᠢᠯᠲᠡ ᠶᠢᠨ ᠵᠠᠮ ᠢ ᠨᠡᠭᠡᠭᠡᠵᠦ᠂ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠲᠠᠪᠰᠢᠯᠳᠠ ᠪᠠ ᠤᠯᠠᠨ | ᠤᠯᠤᠰ ᠤᠨ ᠬᠥᠮᠦᠨ ᠤ ᠡᠷᠬᠡ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠠᠪᠠᠭ᠋ᠠᠶ ᠨᠠᠷ᠂ | ᠠᠪᠤᠭᠠᠶ ᠨᠠᠷ᠂ ᠨᠠᠶᠢᠵᠠ ᠨᠥᠬᠦᠳ ᠨᠠᠷ ᠡ︕ ᠳᠡᠯᠡᠬᠡᠶ ᠶᠢᠨ ᠴᠠᠭ ᠦᠶ᠎ᠡ ᠶᠢᠨ ᠤᠷᠤᠰᠬᠠᠯ ᠰᠦᠷ ᠳᠠᠯᠠᠶᠢᠴᠠᠲᠠᠶ | ᠠᠮᠤᠢ᠂ ᠳᠠᠭᠠᠪᠠᠰᠤ ᠮᠠᠨᠳᠤᠵᠤ᠂ ᠰᠦᠷᠪᠡᠰᠦ ᠮᠥᠬᠦᠮᠥᠢ᠃ ᠥᠩᠭᠡᠷᠡᠭᠰᠡᠨ 50 ᠵᠢᠯ ᠳᠤ᠂ ᠳᠡᠯᠡᠬᠡᠶ ᠶᠢᠨ ᠪᠠᠶᠢᠳᠠᠯ | ᠬᠡᠳᠦ᠋ᠢᠪᠡᠷ ᠬᠤᠪᠢᠷᠠᠯᠲᠠ ᠶᠡᠬᠡᠲᠡᠶ ᠪᠠᠶᠢᠭᠰᠠᠨ ᠪᠣᠯᠪᠠᠴᠤ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠤ | ᠬᠠᠮᠲᠤ ᠶᠢᠨ ᠴᠢᠷᠮᠠᠶᠢᠯᠭ᠎ᠠ ᠪᠠᠷ ᠳᠡᠯᠡᠬᠡᠶ ᠳ᠋ᠠᠬᠢᠨ ᠶᠡᠷᠦᠩᠬᠡᠶ ᠳᠤ ᠪᠠᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ | ᠳᠡᠯᠡᠬᠡᠶ ᠶᠢᠨ ᠠᠵᠤ ᠠᠬᠤᠶ ᠲᠦᠷᠭᠡᠨ ᠢᠶᠠᠷ ᠬᠥᠭᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ | ᠡᠳᠦᠷ ᠠᠴᠠ ᠡᠳᠦᠷ ᠰᠢᠨᠡᠳᠴᠦ᠂ ᠦᠯᠡᠮᠵᠢ ᠤᠯᠠᠨ ᠬᠥᠭᠵᠢᠵᠦ ᠪᠠᠶᠢᠭ᠎ᠠ ᠤᠯᠤᠰ ᠦᠰᠦᠨ ᠪᠤᠵᠠᠭᠠᠶᠢᠷᠠᠵᠤ᠂ ᠠᠷᠪᠠᠨ | ᠬᠡᠳᠦᠨ ᠳ᠋ᠦᠩᠰᠢᠭᠤᠷ ᠬᠥᠮᠦᠨ ᠠᠮᠠ ᠶᠠᠳᠠᠭᠤ ᠠᠴᠠ ᠠᠩᠭᠢᠵᠢᠷᠠᠵᠤ᠂ ᠬᠡᠳᠦᠨ ᠠᠷᠪᠠᠨ ᠳ᠋ᠦᠩᠰᠢᠭᠤᠷ ᠬᠥᠮᠦᠨ ᠠᠮᠠ | ᠲᠠᠰᠤᠷᠠᠯᠳᠠ ᠦᠭᠡᠢ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠪᠠᠶᠢᠨ᠎ᠠ᠃ ᠣᠳᠣᠬᠠᠨ ᠳᠤ᠂ ᠳᠡᠯᠡᠬᠡᠢ ᠳ᠋ᠠᠬᠢᠨ | ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠲᠦᠷᠭᠡᠨ ᠬᠥᠭᠵᠢᠵᠦ᠂ ᠡᠩᠬᠡ ᠲᠠᠶᠢᠪᠤᠩ | ᠬᠥᠭᠵᠢᠯᠲᠡ ᠲᠠᠪᠰᠢᠯᠳᠠ ᠶᠢᠨ ᠬᠦᠴᠦᠨ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠪᠢᠳᠡ ᠲᠡᠦᠬᠡ ᠶᠢᠨ ᠶᠡᠭᠡ | ᠬᠠᠨᠳᠤᠰᠢ ᠶᠢ ᠳᠠᠭᠠᠵᠤ᠂ ᠬᠠᠮᠲᠤᠷᠠᠯᠴᠠᠬᠤ ᠶᠢ ᠪᠠᠷᠢᠮᠲᠠᠯᠠᠵᠤ᠂ ᠡᠰᠡᠷᠭᠦᠴᠡᠯᠳᠦᠬᠦ ᠦᠭᠡᠢ ᠪᠠᠶᠢᠵᠤ᠂ ᠨᠡᠬᠡᠬᠡᠯᠳᠡ | ᠬᠢᠬᠦ ᠶᠢ ᠪᠠᠷᠢᠮᠲᠠᠯᠠᠵᠤ᠂ ᠲᠦᠭᠵᠢᠮᠡᠯ ᠪᠠᠶᠢᠬᠤ ᠦᠭᠡᠢ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ | ᠪᠠᠷᠢᠮᠲᠠᠯᠠᠵᠤ᠂ ᠲᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠦᠭᠡᠢ᠂ ᠠᠯᠢᠪᠠ ᠬᠡᠯᠪᠡᠷᠢ ᠶᠢᠨ ᠡᠵᠡᠷᠬᠡᠬᠦ ᠦᠵᠡᠯ ᠪᠣᠯᠤᠨ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠠᠯᠢᠪᠠ ᠬᠡᠯᠪᠡᠷᠢ ᠶᠢᠨ ᠭᠠᠭᠴᠠ ᠲᠠᠯᠠᠲᠤ ᠦᠵᠡᠯ | ᠪᠣᠯᠤᠨ ᠬᠠᠮᠠᠭᠠᠯᠠᠬᠤ ᠦᠵᠡᠯ ᠢ ᠡᠷᠡᠰ ᠡᠰᠡᠷᠭᠦᠴᠡᠬᠦ ᠬᠡᠷᠡᠭᠲᠡᠢ᠃ — ᠪᠢᠳᠡ ᠡᠩᠭᠡ ᠲᠠᠶᠢᠪᠤᠩ᠂ ᠬᠥᠭᠵᠢᠯᠲᠡ᠂ | ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠲᠠᠢ ᠪᠠᠶᠢᠬᠤ ᠪᠦᠬᠦ ᠬᠥᠮᠦᠨ | ᠲᠥᠷᠥᠯᠬᠢᠲᠡᠨ ᠤ ᠬᠠᠮᠲᠤ ᠶᠢᠨ ᠦᠷᠳᠡᠭ ᠢ ᠶᠡᠭᠡ ᠪᠠᠷ ᠪᠠᠳᠠᠷᠠᠭᠤᠯᠵᠤ᠂ ᠨᠡᠩ ᠰᠠᠶᠢᠨ ᠰᠠᠶᠢᠬᠠᠨ ᠳᠡᠯᠡᠬᠡᠶ | ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠬᠠᠮᠲᠤ ᠪᠠᠷ ᠵᠥᠪ ᠣᠨᠣᠯᠵᠢᠬᠤᠨ ᠤ ᠵᠢᠯᠤᠭᠤᠳᠤᠯᠭ᠎ᠠ ᠣᠯᠭᠤᠨ᠎ᠠ᠃ | ᠡᠩᠭᠡ ᠲᠠᠶᠢᠪᠤᠩ ᠪᠣᠯᠤᠨ ᠬᠥᠭᠵᠢᠯᠲᠡ ᠳᠠᠪᠰᠢᠯᠲᠠ ᠪᠣᠯ ᠮᠠᠨ ᠤ ᠬᠠᠮᠲᠤ ᠶᠢᠨ ᠦᠢᠯᠡᠰ ᠮᠥᠨ᠂ ᠲᠥᠪ ᠭᠤᠣᠯᠴᠢ | ᠰᠢᠳᠤᠷᠭᠤ ᠶᠣᠰᠣ ᠪᠣᠯ ᠮᠠᠨ ᠤ ᠬᠠᠮᠲᠤ ᠶᠢᠨ ᠬᠦᠰᠡᠯᠡᠩ ᠮᠥᠨ᠂ ᠠᠷᠠᠳᠴᠢᠯᠠᠯ ᠡᠷᠬᠡ ᠴᠢᠯᠥᠭᠡ ᠪᠣᠯ ᠮᠠᠨ ᠤ | ᠬᠠᠮᠲᠤ ᠶᠢᠨ ᠬᠥᠭᠡᠭᠡᠴᠡᠯᠳᠦᠯ ᠮᠥᠨ᠃ ᠳᠡᠯᠡᠬᠡᠶ ᠶᠢᠷᠲᠢᠨᠴᠦ ᠪᠣᠯ ᠪᠠᠶᠠᠯᠢᠭ ᠰᠠᠶᠢᠬᠠᠨ ᠪᠠᠶᠢᠳᠠᠭ᠂ ᠤᠯᠠᠨ ᠶᠠᠩᠵᠤᠲᠤ | ᠴᠢᠨᠠᠷ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠭᠢᠯᠠᠰ ᠴᠡᠭ ᠮᠥᠨ᠂ ᠨᠡᠩ ᠴᠤ ᠳᠡᠯᠡᠬᠡᠶ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠥᠳᠡᠯᠭᠡᠭᠴᠢ ᠬᠦᠴᠦᠨ ᠤ ᠡᠬᠢ ᠦᠨᠳᠦᠰᠦ ᠮᠥᠨ᠃ ︽ᠡᠷᠳᠡᠮᠲᠡᠨ | ᠪᠦᠬᠦᠨ ᠤ ᠭᠤᠸ᠎ᠠ ᠰᠠᠶᠢᠬᠠᠨ ᠢ ᠦᠯᠦ ᠭᠦᠢᠴᠡᠳᠬᠡᠪᠡᠰᠦ᠂ ᠭᠠᠭᠴᠠ ᠬᠥᠮᠦᠨ ᠤ ᠭᠠᠶᠢᠬᠠᠮᠰᠢᠭ ᠢ ᠦᠯᠦ ᠪᠦᠲᠦᠭᠡᠵᠦ | ᠴᠢᠳᠠᠮᠤᠢ︾᠃ ᠪᠣᠯᠪᠠᠰᠤᠨ ᠳᠤ ᠡᠷᠬᠢᠮ ᠳᠣᠣᠷᠠᠳᠤ᠂ ᠰᠠᠶᠢᠨ ᠮᠠᠭᠤ ᠶᠢᠨ ᠢᠯᠭᠠᠭ᠎ᠠ ᠭᠡᠵᠦ ᠪᠠᠶᠢᠳᠠᠭ ᠦᠭᠡᠢ᠂ | ᠭᠠᠭᠴᠠ ᠬᠦ ᠣᠨᠴᠠᠯᠢᠭ᠂ ᠭᠠᠵᠠᠷ ᠣᠷᠣᠨ ᠤ ᠢᠯᠭᠠᠭ᠎ᠠ ᠯᠠ ᠪᠠᠶᠢᠳᠠᠭ᠂ ᠭᠠᠭᠴᠠ ᠬᠦ ᠰᠣᠯᠢᠯᠴᠠᠭᠠᠨ ᠤ ᠳᠤᠮᠳᠠ | ᠰᠠᠶ᠋ᠢ ᠠᠭᠤᠰᠤᠯᠴᠠᠵᠤ᠂ ᠠᠭᠤᠰᠤᠯᠴᠠᠯ ᠤᠨ ᠳᠤᠮᠳᠠ ᠰᠠᠶ᠋ᠢ ᠲᠠᠪᠰᠢᠵᠤ ᠴᠢᠳᠠᠨ᠎ᠠ᠃ ᠨᠢᠭᠡ ᠤᠯᠤᠰ ᠤᠨ ᠵᠠᠮ | ᠮᠥᠷ ᠤᠨ ᠵᠥᠪ ᠪᠣᠯᠬᠤ ᠡᠰᠡᠬᠦ ᠶᠢᠨ ᠵᠠᠩᠭᠢᠯᠠᠭ᠎ᠠ ᠨᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠲᠠᠢ ᠨᠡᠶᠢᠴᠡᠵᠦ | ᠪᠠᠶᠢᠬᠤ ᠡᠰᠡᠬᠦ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠶᠢᠴᠡᠵᠦ ᠪᠠᠶᠢᠬᠤ ᠡᠰᠡᠬᠦ᠂ ᠠᠵᠤ | ᠠᠬᠤᠶ ᠶᠢᠨ ᠬᠥᠭᠵᠢᠯᠲᠡ᠂ ᠨᠡᠶᠢᠭᠡᠮ ᠤᠨ ᠲᠠᠪᠰᠢᠯᠳᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ | ᠲᠣᠭᠲᠠᠭᠤᠨ ᠪᠠᠶᠢᠳᠠᠯ ᠢ ᠪᠤᠢ ᠪᠣᠯᠭᠠᠵᠤ ᠴᠢᠳᠠᠬᠤ ᠡᠰᠡᠬᠦ᠂ ᠠᠷᠠᠳ ᠲᠦᠮᠡᠨ ᠤ ᠳᠡᠮᠵᠢᠯᠭᠡ ᠪᠠ ᠬᠦᠷᠢᠶᠡᠯᠡᠯ ᠢ ᠣᠯᠵᠤ | ᠴᠢᠳᠠᠬᠤ ᠡᠰᠡᠬᠦ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠬᠤᠪᠢ ᠨᠡᠮᠡᠷᠢ ᠦᠵᠡᠭᠦᠯᠵᠦ ᠴᠢᠳᠠᠬᠤ | ᠡᠰᠡᠬᠦ ᠳᠤ ᠪᠤᠢ᠃ — ᠪᠢᠳᠠ ᠭᠠᠷ ᠭᠠᠷ ᠢᠶᠠᠨ ᠬᠤᠯᠪᠣᠯᠴᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠤ ᠪᠠᠨ | ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ | ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠪᠠᠯ ᠵᠣᠬᠢᠨ᠎ᠠ᠃ ᠬᠥᠮᠦᠨ ᠲᠥᠷᠥᠯᠬᠢᠲᠡᠨ | ᠪᠣᠯ ᠨᠢᠭᠡᠨ ᠪᠦᠬᠦᠯᠢ ᠴᠣᠭᠴᠠ ᠮᠥᠨ᠂ ᠳᠡᠯᠡᠬᠡᠶ ᠶᠢᠨ ᠪᠥᠮᠪᠥᠷᠴᠡᠭ ᠪᠣᠯ ᠨᠢᠭᠡᠨ ᠭᠡᠷ ᠣᠷᠣᠨ ᠮᠥᠨ᠃ ᠶᠠᠮᠠᠷᠪᠠ | ᠬᠥᠮᠦᠨ᠂ ᠶᠠᠮᠠᠷᠪᠠ ᠤᠯᠤᠰ ᠭᠡᠳ ᠥᠪᠡᠷ ᠤᠨ ᠪᠡᠶ᠎ᠡ ᠪᠠᠨ ᠯᠡ ᠪᠣᠳᠣᠬᠤ ᠶᠢᠨ ᠠᠷᠭ᠎ᠠ ᠦᠭᠡᠶ ᠶᠤᠮ᠃ ᠬᠥᠮᠦᠨ | ᠲᠥᠷᠥᠯᠬᠢᠲᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠬᠦᠴᠦᠯᠡᠨ ᠴᠢᠷᠮᠠᠶᠢᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠭᠯᠡᠯ ᠲᠡᠶᠢᠰᠢ ᠲᠠᠰᠤᠷᠠᠯᠲᠠ ᠦᠭᠡᠢ | ᠤᠷᠤᠭᠰᠢᠯᠠᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠪᠠᠯ ᠵᠣᠬᠢᠨ᠎ᠠ᠃ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠨᠢ᠂ ᠨᠢᠭᠡ | ᠵᠦᠢᠯ ᠤᠨ ᠪᠠᠶᠢᠭᠤᠯᠤᠯ ᠢᠶᠠᠷ ᠨᠦᠭᠦᠭᠡ ᠵᠦᠢᠯ ᠤᠨ ᠪᠠᠶᠢᠭᠤᠯᠤᠯ ᠢ ᠣᠷᠣᠯᠠᠭᠤᠯᠬᠤ ᠪᠢᠰᠢ᠂ ᠨᠢᠭᠡ ᠵᠦᠢᠯ ᠤᠨ | ᠪᠣᠯᠪᠠᠰᠤᠨ ᠢᠶᠠᠷ ᠨᠦᠭᠦᠭᠡ ᠨᠢᠭᠡ ᠵᠦᠢᠯ ᠤᠨ ᠪᠣᠯᠪᠠᠰᠤᠨ ᠢ ᠣᠷᠣᠯᠠᠭᠤᠯᠬᠤ ᠪᠢᠰᠢ᠂ ᠬᠠᠷᠢᠨ ᠠᠳᠠᠯᠢ ᠪᠤᠰᠤ | ᠨᠡᠶᠢᠭᠡᠮ ᠤᠨ ᠪᠠᠶᠢᠭᠤᠯᠤᠯ᠂ ᠠᠳᠠᠯᠢ ᠪᠤᠰᠤ ᠦᠵᠡᠯ ᠤᠬᠠᠮᠰᠠᠷ ᠤᠨ ᠬᠡᠯᠪᠡᠷᠢ᠂ ᠠᠳᠠᠯᠢ ᠪᠤᠰᠤ ᠲᠡᠦᠬᠡ ᠰᠣᠶᠣᠯ᠂ | ᠠᠳᠠᠯᠢ ᠪᠤᠰᠤ ᠬᠥᠭᠵᠢᠯᠲᠡ ᠶᠢᠨ ᠬᠢᠷᠢ ᠲᠦᠪᠰᠢᠨ ᠲᠠᠢ ᠤᠯᠤᠰ ᠣᠷᠣᠨ ᠨᠤᠭᠤᠳ ᠤᠯᠠᠨ ᠤᠯᠤᠰ ᠤᠨ ᠬᠡᠷᠡᠭ | ᠶᠠᠪᠤᠳᠠᠯ ᠳᠤ ᠠᠰᠢᠭ ᠲᠤᠰᠠ ᠪᠠᠨ ᠬᠠᠮᠲᠤ ᠪᠠᠷ ᠬᠦᠷᠲᠡᠵᠦ᠂ ᠡᠷᠬᠡ ᠪᠠᠨ ᠬᠠᠮᠲᠤ ᠪᠠᠷ ᠡᠳ᠋ᠯᠡᠵᠦ᠂ | ᠬᠠᠷᠢᠭᠤᠴᠠᠯᠭ᠎ᠠ ᠪᠠᠨ ᠬᠠᠮᠲᠤ ᠪᠠᠷ ᠡᠭᠦᠷᠭᠡᠯᠡᠵᠦ᠂ ᠰᠠᠶᠢᠨ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠠᠶᠢᠭᠤᠯᠬᠤ | ᠬᠠᠮᠤᠭ ᠤᠨ ᠶᠡᠭᠡ ᠶᠡᠷᠦᠩᠬᠡᠶ ᠬᠤᠷᠢᠶᠠᠭᠴᠢ ᠲᠤᠭ᠎ᠠ ᠶᠢ ᠪᠦᠷᠢᠯᠳᠦᠭᠦᠯᠬᠦ ᠶᠠᠪᠤᠳᠠᠯ ᠪᠣᠯᠤᠨ᠎ᠠ᠃ — ᠪᠢᠳᠡ | ᠬᠠᠷᠢᠯᠴᠠᠨ ᠠᠰᠢᠭ ᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢ ᠬᠠᠮᠲᠤ ᠪᠠᠷ ᠠᠬᠢᠭᠤᠯᠵᠤ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠶ᠃ | ᠳᠤᠮᠳᠠᠳᠤ ᠤᠯᠤᠰ ᠤᠨ ᠡᠷᠲᠡᠨ ᠤ ᠡᠷᠳᠡᠮᠲᠡᠨ᠄ ︽ᠤᠯᠤᠰ ᠢ ᠵᠠᠰᠠᠬᠤ ᠶᠢᠨ ᠦᠨᠳᠦᠰᠦ ᠠᠨᠤ ᠠᠷᠠᠳ ᠢ | ᠠᠮᠤᠷᠵᠢᠭᠤᠯᠬᠤ ᠳᠤ ᠠᠮᠤᠢ︔ ᠠᠷᠠᠳ ᠢ ᠠᠮᠤᠷᠵᠢᠭᠤᠯᠬᠤ ᠶᠢᠨ ᠦᠨᠳᠦᠰᠦ ᠠᠨᠤ ᠬᠡᠷᠡᠭᠯᠡᠭᠡ ᠶᠢ ᠭᠦᠢᠴᠡᠳ | ᠬᠠᠩᠭᠠᠬᠤ ᠳᠤ ᠠᠮᠤᠢ︾ ᠭᠡᠵᠦ ᠬᠡᠯᠡᠭᠰᠡᠨ ᠪᠠᠶᠢᠳᠠᠭ᠃ ᠬᠥᠭᠵᠢᠯᠲᠡ ᠶᠢ ᠠᠬᠢᠭᠤᠯᠵᠤ᠂ ᠠᠮᠤᠷ ᠵᠢᠮᠦᠷ ᠠᠵᠤ | ᠲᠦᠷᠦᠭᠦ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ ᠠᠷᠠᠳ ᠲᠦᠮᠡᠨ ᠤ | ᠲᠥᠯᠥᠭᠡ ᠬᠥᠭᠵᠢᠭᠦᠯᠪᠡᠯ ᠬᠥᠭᠵᠢᠯᠲᠡ ᠰᠠᠶ᠋ᠢ ᠠᠴᠢ ᠬᠤᠯᠪᠣᠭᠳᠠᠯ ᠲᠠᠢ ᠶᠤᠮ︔ ᠠᠷᠠᠳ ᠲᠦᠮᠡᠨ ᠳᠤ ᠲᠦᠰᠢᠭᠯᠡᠨ | ᠬᠥᠭᠵᠢᠭᠦᠯᠪᠡᠯ ᠰᠠᠶ᠋ᠢ ᠬᠥᠳᠡᠯᠭᠡᠬᠦ ᠬᠦᠴᠦᠨ ᠲᠠᠢ ᠪᠤᠯᠵᠤ ᠴᠢᠳᠠᠨ᠎ᠠ᠃ ᠳᠡᠯᠡᠬᠡᠢ ᠶᠢᠨ ᠡᠯ᠎ᠡ ᠤᠯᠤᠰ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠩ ᠴᠢᠨᠠᠷᠯᠢᠭ᠂ ᠨᠡᠩ ᠦᠷ᠎ᠡ ᠪᠦᠲᠦᠮᠵᠢᠲᠡᠢ᠂ ᠨᠡᠩ ᠡᠷᠬᠡ | ᠲᠡᠭᠰᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠪᠡᠯ ᠵᠣᠬᠢᠨ᠎ᠠ᠃ | ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ | ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠷᠠᠳ | ᠲᠦᠮᠡᠨ ᠤ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ | ᠬᠦᠷᠲᠡᠬᠦ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠤᠯᠤᠰ | ᠨᠢᠭᠡᠪᠦᠷᠢ᠂ ᠬᠥᠮᠦᠨ ᠨᠢᠭᠡᠪᠦᠷᠢ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠥᠭᠵᠢᠯᠲᠡ ᠶᠢᠨ ᠪᠠᠶᠢᠳᠠᠯ ᠢ ᠪᠤᠢ | ᠪᠣᠯᠭᠠᠬᠤ ᠬᠡᠷᠡᠭᠲᠡᠶ᠃ ᠲᠦᠷᠦᠭᠦᠬᠡᠨ ᠪᠢ ᠲᠠᠯᠠᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠪᠠ᠂ | ᠡᠯ᠎ᠡ ᠤᠯᠤᠰ ᠬᠠᠮᠲᠤ ᠪᠠᠷ ᠴᠢᠷᠮᠠᠶᠢᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠪᠦᠬᠦ | ᠪᠥᠮᠪᠥᠷᠴᠡᠭ ᠤᠨ ᠬᠥᠭᠵᠢᠯᠲᠡ ᠳᠤ ᠦᠵᠡᠭᠦᠯᠬᠦ ᠲᠠᠭᠠᠷᠢᠯᠳᠠ ᠶᠢ ᠡᠰᠡᠷᠭᠦᠴᠡᠵᠦ᠂ 2030 ᠣᠨ ᠤ | ᠦᠷᠭᠦᠯᠵᠢᠯᠡᠬᠦ᠋ᠢᠴᠡ ᠬᠥᠭᠵᠢᠯᠲᠡ ᠶᠢᠨ ᠵᠥᠪᠯᠡᠬᠦ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠪᠦᠬᠦ ᠪᠥᠮᠪᠥᠷᠴᠡᠭ ᠤᠨ | ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃ — ᠪᠢᠳᠡ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ | ᠥᠷᠢᠰᠥᠯᠳᠦᠭᠡᠨ ᠪᠠ ᠪᠦᠬᠦ ᠪᠥᠮᠪᠥᠷᠴᠡᠭ ᠤᠨ ᠴᠢᠨᠠᠷᠲᠠᠶ ᠠᠰᠠᠭᠤᠳᠠᠯ ᠢ ᠬᠠᠮᠲᠤ ᠪᠠᠷ ᠠᠷᠭᠠᠴᠠᠭᠠᠪᠠᠯ ᠵᠣᠬᠢᠨ᠎ᠠ᠃ | ᠭᠠᠵᠠᠷ ᠣᠷᠣᠨ ᠤ ᠵᠢᠭᠤᠷᠠᠯᠳᠤᠭᠠᠨ ᠪᠠ ᠰᠦᠷᠳᠡᠭᠦᠯᠬᠦ ᠦᠵᠡᠯ᠂ ᠠᠭᠤᠷ ᠠᠮᠢᠰᠬᠤᠯ ᠤᠨ ᠬᠤᠪᠢᠷᠠᠯᠲᠠ᠂ | ᠰᠦᠯᠵᠢᠶᠡᠨ ᠤ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠪᠦᠬᠦ ᠪᠥᠮᠪᠥᠷᠴᠡᠭ ᠤᠨ ᠴᠢᠨᠠᠷᠲᠠᠢ | ᠠᠰᠠᠭᠤᠳᠠᠯ ᠶᠠᠭ ᠳᠡᠯᠡᠬᠡᠢ ᠨᠡᠶᠢᠲᠡ ᠶᠢᠨ ᠡᠮᠦᠨ᠎ᠡ ᠲᠠᠯᠪᠢᠭᠳᠠᠵᠤ ᠪᠠᠶᠢᠨ᠎ᠠ᠂ ᠭᠠᠭᠴᠠ ᠬᠦ ᠨᠡᠩ ᠪᠠᠭᠲᠠᠭᠠᠮᠵᠢᠲᠠᠢ ᠪᠦᠬᠦ | ᠪᠥᠮᠪᠥᠷᠴᠡᠭ ᠤᠨ ᠵᠠᠰᠠᠯᠲᠠ᠂ ᠨᠡᠩ ᠪᠦᠲᠦᠮᠵᠢᠲᠡᠢ ᠤᠯᠠᠨ ᠲᠠᠯᠠᠲᠤ ᠲᠣᠭᠲᠠᠴᠠ᠂ ᠨᠡᠩ ᠢᠳᠡᠪᠬᠢᠲᠡᠢ ᠣᠷᠣᠨ | ᠪᠦᠰᠡ ᠶᠢᠨ ᠬᠠᠮᠲᠤᠷᠠᠯᠴᠠᠭ᠎ᠠ ᠶᠢ ᠪᠦᠷᠢᠯᠳᠦᠭᠦᠯᠪᠡᠯ ᠰᠠᠶ᠋ᠢ ᠪᠦᠲᠦᠮᠵᠢᠲᠡᠢ ᠠᠷᠭᠠᠴᠠᠭᠠᠵᠤ ᠴᠢᠳᠠᠨ᠎ᠠ᠃ ᠠᠭᠤᠷ | ᠠᠮᠢᠰᠬᠤᠯ ᠤᠨ ᠬᠤᠪᠢᠷᠠᠯᠲᠠ ᠪᠣᠯ ᠶᠡᠭᠡ ᠪᠠᠶᠢᠭᠠᠯᠢ ᠠᠴᠠ ᠬᠥᠮᠦᠨ ᠲᠥᠷᠥᠯᠬᠢᠲᠡᠨ ᠳᠤ ᠥᠭᠭᠦᠭᠰᠡᠨ ᠰᠡᠷᠡᠮᠵᠢ ᠶᠢᠨ | ᠳᠣᠬᠢᠶ᠎ᠠ ᠮᠥᠨ᠃ ᠳᠡᠯᠡᠬᠡᠢ ᠶᠢᠨ ᠡᠯ᠎ᠡ ᠤᠯᠤᠰ ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢᠨ ᠠᠮᠤᠷ ᠲᠦᠪᠰᠢᠨ ᠤ | ᠬᠢᠵᠠᠭᠠᠷ ᠢ ᠰᠠᠬᠢᠵᠤ᠂ ᠪᠣᠬᠢᠷᠲᠤᠯ ᠦᠭᠡᠢ ᠰᠡᠷᠭᠦᠯᠲᠡ᠂ ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ | ᠬᠡᠷᠡᠭᠯᠡᠭᠡ ᠶᠢ ᠵᠣᠷᠢᠭᠵᠢᠭᠤᠯᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ | ᠠᠬᠢᠭᠤᠯᠵᠤ᠂ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠠᠶᠢᠷᠢᠰᠢᠯ ᠢ | ᠪᠦᠷᠢᠯᠳᠦᠭᠦᠯᠵᠦ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠬᠦ᠋ᠢᠴᠡ | ᠬᠥᠭᠵᠢᠯᠲᠡ ᠶᠢᠨ ᠰᠢᠷᠭᠢᠰᠢ ᠦᠭᠡᠢ ᠡᠬᠢ ᠰᠤᠷᠪᠤᠯᠵᠢ ᠪᠣᠯᠭᠠᠬᠤ ᠬᠡᠷᠡᠭᠲᠡᠢ᠃ — ᠪᠢᠳᠡ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ | ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠬᠦ ᠬᠡᠷᠡᠭᠲᠡᠶ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠢᠭᠡᠨ ᠬᠦᠴᠦᠷᠬᠡᠭ ᠶᠡᠭᠡ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠬᠤ ᠴᠢᠬᠤᠯᠠᠲᠠᠢ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠥᠭᠡᠷᠡᠴᠢᠯᠡᠨ | ᠪᠠᠶᠢᠭᠤᠯᠬᠤ ᠴᠢᠬᠤᠯᠠᠲᠠᠢ ᠶᠤᠮ᠃ ᠳᠡᠯᠡᠬᠡᠶ ᠶᠢᠨ ᠡᠯ᠎ᠡ ᠤᠯᠤᠰ ᠣᠷᠣᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ | ᠪᠣᠯᠭᠠᠭᠰᠠᠨ ᠤᠯᠠᠨ ᠤᠯᠤᠰ ᠤᠨ ᠡᠮᠬᠢ ᠵᠢᠷᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠲᠦᠷᠢᠮ ᠵᠣᠷᠢᠯᠲᠠ ᠪᠠ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ | ᠪᠠᠷᠢᠮᠵᠢᠶ᠎ᠠ ᠶᠢ ᠬᠠᠮᠠᠭᠠᠯᠠᠬᠤ ᠬᠡᠷᠡᠭᠲᠡᠶ᠃ ᠤᠯᠠᠨ ᠤᠯᠤᠰ ᠤᠨ ᠲᠦᠷᠢᠮ ᠢ ᠵᠥᠪᠬᠡᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠲᠣᠭᠲᠠᠭᠠᠬᠤ ᠠᠴᠠ ᠪᠢᠰᠢ᠂ ᠣᠨᠴᠠ ᠵᠠᠷᠢᠮ ᠤᠯᠤᠰ ᠪᠠ | ᠤᠯᠤᠰ ᠤᠨ ᠪᠦᠯᠦᠭᠯᠡᠯ ᠠᠴᠠ ᠲᠣᠭᠲᠠᠭᠠᠵᠤ ᠪᠣᠯᠬᠤ ᠦᠭᠡᠢ᠃ ᠤᠯᠠᠨ ᠤᠯᠤᠰ ᠤᠨ ᠲᠦᠷᠢᠮ ᠢ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠵᠢᠷᠤᠮᠯᠠᠬᠤ ᠶᠣᠰᠣᠲᠠᠶ᠂ ᠡᠭᠦᠨ ᠠᠴᠠ | ᠥᠭᠡᠷ᠎ᠡ ᠪᠠᠶᠢᠳᠠᠯ ᠪᠠᠶᠢᠵᠤ ᠪᠣᠯᠬᠤ ᠦᠭᠡᠢ ᠪᠥᠭᠡᠳ ᠪᠠᠶᠢᠬᠤ ᠴᠤ ᠶᠣᠰᠣ ᠦᠭᠡᠢ ᠶᠤᠮ᠃ ᠳᠡᠯᠡᠬᠡᠶ ᠶᠢᠨ ᠡᠯ᠎ᠡ ᠤᠯᠤᠰ | ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠬᠦᠨᠳᠦᠳᠬᠡᠬᠦ ᠣᠪᠣᠷ ᠢ ᠠᠪᠴᠤ᠂ ᠡᠨᠡ ᠬᠦ ᠶᠡᠭᠡ ᠭᠡᠷ | ᠪᠦᠯᠢ ᠶᠢ ᠰᠠᠶᠢᠲᠤᠷ ᠬᠠᠶᠢᠷᠠᠯᠠᠨ ᠬᠠᠮᠠᠭᠠᠯᠠᠬᠤ ᠬᠡᠷᠡᠭᠲᠡᠶ᠂ ᠶᠠᠭᠠᠬᠢᠭᠰᠠᠨ ᠴᠤ ᠨᠡᠶᠢᠯᠡᠪᠡᠯ ᠠᠰᠢᠭᠯᠠᠵᠤ᠂ ᠨᠡᠶᠢᠯᠡᠯᠴᠡᠬᠦ | ᠦᠭᠡᠢ ᠪᠣᠯ ᠲᠠᠶᠠᠭᠳᠠᠵᠤ ᠪᠣᠯᠬᠤ ᠦᠭᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠬᠥᠮᠦᠨ | ᠲᠥᠷᠥᠯᠬᠢᠲᠡᠨ ᠤ ᠡᠩᠭᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠡᠷᠬᠢᠮ ᠳᠡᠭᠡᠳᠦ ᠦᠢᠯᠡᠰ ᠤᠨ ᠳᠤᠮᠳᠠ | ᠨᠡᠩ ᠢᠳᠡᠪᠬᠢᠲᠡᠶ ᠦᠢᠯᠡᠳᠦᠯ ᠭᠠᠷᠭᠠᠭᠤᠯᠬᠤ ᠬᠡᠷᠡᠭᠲᠡᠶ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ | ᠬᠠᠮᠲᠤ ᠪᠠᠷ ᠵᠦᠪᠳᠡᠯᠴᠡᠵᠦ᠂ ᠬᠠᠮᠲᠤ ᠪᠠᠷ ᠪᠠᠶᠢᠭᠤᠯᠵᠤ᠂ ᠬᠠᠮᠲᠤ ᠪᠠᠷ ᠬᠦᠷᠲᠡᠬᠦ ᠣᠨᠣᠯᠵᠢᠬᠤᠨ ᠢ ᠪᠠᠷᠢᠮᠲᠠᠯᠠᠵᠤ᠂ | ᠬᠠᠮᠲᠤᠷᠠᠯᠴᠠᠭᠠᠨ ᠤ ᠰᠡᠳᠬᠢᠮᠵᠢ ᠶᠢ ᠰᠦᠪᠡᠭᠴᠢᠯᠡᠵᠦ᠂ ᠬᠠᠮᠲᠤᠷᠠᠯᠴᠠᠭᠠᠨ ᠤ ᠵᠠᠭᠪᠤᠷ ᠶᠢ ᠰᠢᠨᠡᠴᠢᠯᠡᠵᠦ᠂ ᠰᠢᠨ᠎ᠡ | ᠪᠠᠶᠢᠳᠠᠯ ᠳᠣᠣᠷᠠᠬᠢ ᠤᠯᠠᠨ ᠲᠠᠯᠠᠲᠤ ᠦᠵᠡᠯ ᠤᠨ ᠦᠢᠯᠡᠳᠦᠯᠭᠡ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠨᠠᠷ ᠡ︕ ᠥᠩᠭᠡᠷᠡᠭᠰᠡᠨ ᠢᠶᠠᠨ ᠡᠷᠭᠢᠴᠡᠭᠦᠯᠦᠨ ᠡᠳᠦᠭᠡ ᠶᠢ | ᠬᠠᠷᠠᠵᠤ᠂ ᠥᠩᠭᠡᠷᠡᠭᠰᠡᠨ ᠢᠶᠠᠷ ᠲᠣᠯᠢ ᠪᠣᠯᠭᠠᠵᠤ ᠢᠷᠡᠭᠡᠳᠦᠶ ᠶᠢ ᠮᠡᠳᠡᠮᠤᠢ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ | ᠵᠣᠭᠰᠣᠵᠤ᠂ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ ᠪᠣᠯᠤᠨ᠎ᠠ︔ ᠥᠭᠡᠷᠡᠴᠢᠯᠡᠯᠲᠡ | ᠨᠡᠬᠡᠬᠡᠯᠳᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ | ᠨᠡᠮᠡᠷᠢ ᠦᠵᠡᠭᠦᠯᠦᠭᠴᠢ ᠪᠣᠯᠣᠨ᠎ᠠ︔ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ | ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ ︽ᠬᠤᠷ᠎ᠠ ᠪᠣᠷᠣᠭᠠᠨ ᠠᠭᠤᠯᠠᠰ ᠪᠦᠬᠦᠨ ᠳᠤᠷ | ᠠᠳᠠᠯᠢ ᠱᠠᠭᠢᠵᠤ᠂ ᠲᠡᠷᠭᠡᠯ ᠰᠠᠷᠠᠨ ᠪᠥᠮᠪᠥᠷᠴᠡᠭ ᠳ᠋ᠠᠬᠢᠨ ᠳᠤᠷ ᠵᠢᠭᠳᠡ ᠲᠤᠰᠤᠮᠣᠢ︾᠃ ᠪᠢᠳᠠ ᠭᠠᠷ ᠭᠠᠷ ᠢᠶᠠᠨ | ᠬᠤᠯᠪᠣᠯᠴᠠᠨ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ | ᠵᠣᠭᠰᠣᠵᠤ᠂ ᠳᠡᠯᠡᠬᠡᠢ ᠶᠢᠨ ᠥᠨᠢ ᠡᠭᠦᠷᠢᠳᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ | ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ᠲᠠᠯᠠᠷᠬᠠᠯ᠎ᠠ᠃ | |