ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠴᠢᠳᠠᠪᠤᠷᠢ ᠶᠢᠨ ᠠᠵᠢᠯ ᠢ  ᠰᠢᠪᠠᠳᠠᠨ ᠪᠠᠶᠢᠴᠠᠭᠠᠵᠠᠢ
ᠨᠡᠶᠢᠲᠡᠯᠡᠭᠰᠡᠨ ᠴᠠᠭ᠄
2021/10/9
   9 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠴᠢᠳᠠᠪᠤᠷᠢ ᠶᠢᠨ ᠠᠵᠢᠯ ᠤᠨ ᠰᠢᠪᠠᠳᠠᠨ ᠪᠠᠶᠢᠴᠠᠭᠠᠯᠲᠠ ᠥᠷᠨᠢᠭᠦᠯᠪᠡ᠃ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠨᠡᠳᠦᠬᠡᠷ᠂ ᠴᠠᠷᠠᠰᠤᠨ᠂ ᠬᠦᠢᠯᠡᠷ ᠵᠡᠷᠭᠡ ᠰᠤᠮᠤ ᠰᠢᠶᠠᠩ ᠪᠠᠯᠭᠠᠰᠤ ᠳᠤ ᠭᠦᠨᠵᠡᠭᠡᠶᠢᠷᠡᠵᠦ᠂ ᠡᠯ᠎ᠡ ᠭᠠᠵᠠᠷ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠡᠯᠡᠳᠬᠡᠯ ᠠᠵᠢᠯ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠪᠥᠭᠡᠮ ᠬᠦᠴᠢᠯ ᠤᠨ ᠦᠯᠢᠬᠡᠷ ᠠᠪᠬᠤ ᠴᠡᠭ ᠤᠨ ᠪᠠᠶᠢᠷᠢᠯᠠᠭᠤᠯᠤᠯᠲᠠ᠂ ᠬᠥᠮᠦᠰ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠡᠳ᠋ ᠪᠣᠳᠠᠰ ᠨᠥᠭᠡᠴᠡᠯᠡᠬᠦ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠠᠵᠢᠯ ᠳᠤ ᠨᠠᠷᠢᠨ ᠨᠢᠭᠲᠠ ᠰᠢᠪᠠᠳᠠᠨ ᠪᠠᠶᠢᠴᠠᠭᠠᠯᠲᠠ ᠥᠷᠨᠢᠭᠦᠯᠵᠦ᠂  ᠰᠢᠪᠠᠳᠠᠨ ᠪᠠᠶᠢᠴᠠᠭᠠᠬᠤ ᠶᠠᠪᠤᠴᠠ ᠳᠤ ᠣᠷᠣᠰᠢᠵᠤ ᠪᠠᠶᠢᠭ᠎ᠠ ᠲᠤᠲᠠᠭᠳᠠᠯ ᠪᠠ ᠪᠠᠭᠤᠷᠠᠢ ᠭᠤᠭᠴᠤᠭ᠎ᠠ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠠᠢ᠃     ᠰᠢᠪᠠᠳᠠᠨ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠨᠢᠭᠡᠴᠡ ᠶᠢᠨ ᠬᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠬᠠᠷᠢᠶ᠎ᠠ ᠣᠷᠣᠨ ᠤ ᠪᠠᠨ ᠡᠬᠢ ᠪᠠᠶᠠᠯᠢᠭ ᠢ ᠰᠢᠯᠭᠠᠨ ᠪᠠᠶᠢᠴᠠᠭᠠᠬᠤ ᠶᠢ ᠨᠢᠭᠡᠳᠦᠯᠲᠡᠢ ᠲᠥᠯᠥᠪᠵᠢᠭᠦᠯᠦᠨ ᠳᠤᠬᠢᠷᠠᠭᠤᠯᠬᠤ ᠶᠢ ᠴᠢᠨᠠᠭᠰᠢᠳᠠ ᠴᠢᠩᠭᠠᠳᠬᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠶᠢᠨ ᠨᠥᠭᠡᠴᠡ ᠶᠢ ᠰᠠᠶᠢᠲᠤᠷ ᠬᠢᠬᠦ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ︵ᠨᠡᠶᠢᠭᠡᠮ ᠲᠣᠭᠤᠷᠢᠭ︶ ᠨᠤᠭᠤᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ᠬᠥᠳᠡᠯᠦᠯ ᠪᠠᠶᠢᠳᠠᠯ ᠢ ᠲᠣᠳᠣᠷᠬᠠᠶ ᠤᠶᠢᠯᠠᠭᠠᠨ᠂ ᠪᠥᠬᠦ ᠠᠵᠢᠯᠲᠠᠨ ᠤ ᠰᠠᠭᠤᠷᠢ ᠲᠤᠭ᠎ᠠ ᠶᠢ ᠡᠵᠡᠮᠰᠢᠵᠦ᠂ ᠥᠯᠢᠭᠡᠷ ᠠᠪᠬᠤ ᠴᠡᠭ ᠤᠨ ᠪᠠᠶᠢᠷᠢᠰᠢᠭᠤᠯᠤᠯᠲᠠ ᠪᠠ ᠠᠵᠢᠯᠲᠠᠨ ᠤ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠡᠬᠢᠯᠡᠭᠦᠯᠦᠮᠡᠭᠴᠡ ᠳᠠᠷᠤᠶ ᠲᠦᠷᠭᠡᠨ ᠵᠣᠬᠢᠶᠠᠨ ᠪᠠᠶᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号