ᠠᠯᠳᠠᠷ ᠰᠤᠮᠤ ᠦᠳᠲᠡᠷ ᠲᠦᠷᠭᠡᠨ ᠬᠥᠳᠡᠯᠦᠯᠴᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠬᠤ ᠶᠢ ᠬᠦᠴᠦᠲᠡᠢ ᠨᠠᠶᠢᠳᠠᠪᠤᠷᠢᠵᠢᠭᠤᠯᠵᠠᠢ
ᠨᠡᠶᠢᠲᠡᠯᠡᠭᠰᠡᠨ ᠴᠠᠭ᠄
2021/10/9
   9 ᠰᠠᠷ᠎ᠠ ᠶᠢᠨ 28 ᠤ ᠡᠳᠦᠷ᠂ ᠠᠯᠳᠠᠷ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯᠲᠠᠳ ᠰᠤᠮᠤ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠸᠢᠳᠢᠤ᠋ ᠶᠢᠨ ᠬᠤᠷᠠᠯ ᠳᠤ ᠣᠷᠣᠯᠴᠠᠪᠠ᠃ ᠬᠤᠷᠠᠯ ᠤᠨ ᠲᠠᠷᠠᠭ᠎ᠠ᠂ ᠠᠯᠳᠠᠷ ᠰᠤᠮᠤ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠳᠠᠷᠦ᠋ᠢᠬᠠᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠧᠯᠸᠢᠰ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠲᠦᠷᠭᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠲᠠᠨᠢᠯᠲᠠ ᠶᠢᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠤᠰᠢᠭᠤᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ︽1+8+N︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠴᠢᠩᠭ᠎ᠠ ᠬᠡᠷᠡᠭᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠡᠳ᠋ ᠪᠣᠳᠠᠰ ᠢ ᠪᠠᠲᠤᠯᠠᠬᠤ᠂ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠲᠠᠯ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠷᠢᠶᠠᠲᠤ ᠣᠷᠣᠨ ᠳᠠᠬᠢ ᠬᠤᠨᠤᠭ ᠪᠠᠭᠤᠳᠠᠯ᠂ ᠢᠳᠡᠭᠡᠨ ᠤᠮᠳᠠᠭᠠᠨ᠂ ᠬᠤᠳᠠᠯᠳᠤᠭ᠎ᠠ ᠴᠢᠯᠦᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠬᠥᠮᠦᠨ ᠴᠤᠭᠯᠠᠷᠠᠭᠰᠠᠨ ᠲᠠᠯᠠᠪᠤᠷ ᠭᠠᠵᠠᠷ ᠢ ᠰᠢᠮᠳᠠᠭᠤᠯᠵᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠡᠷᠡᠭᠦᠯ ᠮᠡᠨᠳᠦ ᠶᠢᠨ ᠺᠣᠳ᠋ ︵ᠸᠠᠺᠼᠢᠨ ᠤ ᠲᠠᠷᠢᠯᠭ᠎ᠠ ᠶᠢᠨ ᠭᠡᠷᠡᠴᠢᠯᠡᠯ︶ ᠢ ᠪᠠᠶᠢᠴᠠᠭᠠᠨ ᠰᠢᠯᠭᠠᠬᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠣᠷᠣᠬᠤ ᠶᠢ ᠪᠦᠲᠦᠮᠵᠢᠲᠡᠶ ᠬᠤᠷᠢᠭᠯᠠᠬᠤ ᠬᠡᠷᠡᠭᠲᠡᠶ᠃ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠤᠷᠢᠲᠠᠯ ᠳᠣᠣᠷ᠎ᠠ ᠲᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠵᠦ᠂ ᠪᠦᠬᠦ ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠡᠷᠡᠰ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠵᠥᠪ ᠡᠵᠡᠮᠳᠡᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠯᠭᠡᠵᠦ᠂ ᠴᠢᠬᠤᠯᠠ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠢ ᠨᠡᠶᠢᠲᠡᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠬᠦ ᠬᠡᠷᠡᠭᠲᠡᠢ ᠬᠡᠵᠡᠢ᠃    ᠡᠯ᠎ᠡ ᠭᠠᠴᠠᠭ᠎ᠠ ᠲᠣᠰᠬᠤᠨ ᠨᠤᠭᠤᠳ ᠳᠠᠷᠤᠶ ᠲᠦᠷᠭᠡᠨ ᠬᠥᠳᠡᠯᠦᠯᠴᠡᠵᠦ᠂ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ᠂ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠡᠷᠦᠶ ᠬᠤᠷᠤᠶ ᠥᠬᠡᠶ ᠪᠠᠶᠢᠵᠦ ᠪᠤᠯᠬᠤ ᠥᠬᠡᠶ᠃ ᠴᠢᠩᠭ᠎ᠠ ᠪᠥᠭᠡᠳ ᠪᠣᠳᠠᠲᠠᠶᠢᠵᠢᠭᠤᠯᠤᠭᠰᠠᠨ ᠰᠡᠷᠭᠡᠶᠢᠯᠡᠨ ᠡᠵᠡᠮᠳᠡᠬᠦ ᠲᠣᠭᠲᠠᠴᠠ᠂ ᠴᠢᠩᠭ᠎ᠠ ᠪᠥᠭᠡᠳ ᠪᠣᠳᠠᠲᠠᠶᠢᠵᠢᠭᠤᠯᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号