ᠰᠦᠬᠡ ᠮᠠᠨ ᠤ ᠬᠤᠰᠢᠭᠤᠨ ᠳᠤ ᠭᠦᠨᠵᠡᠭᠡᠶᠢᠷᠡᠨ ᠡᠪᠦᠯ ᠤᠨ ᠳᠤᠯᠠᠭᠠᠯᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/9
   9 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠮᠠᠨ ᠤ ᠬᠤᠰᠢᠭᠤᠨ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠡᠮᠦᠨᠡᠬᠢ ᠡᠯ᠎ᠡ ᠵᠤᠶᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠷᠭᠡᠨ ᠣᠯᠠᠨ ᠠᠷᠠᠳ ᠲᠦᠮᠡᠨ ᠤ ᠳᠤᠯᠠᠭᠠᠨ ᠲᠠᠭᠠᠯᠠᠮᠵᠢᠲᠠᠶ ᠡᠪᠦᠯ ᠤᠨ ᠤᠯᠠᠷᠢᠯ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠴᠧᠨ ᠭᠦᠸᠧ ᠴᠢᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃
   ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠦ᠋ ᠿᠦᠢ ᠢᠯᠴᠢ ᠶᠢᠨ ᠬᠦᠴᠦᠨ ᠤ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠳᠤ᠂ ᠰᠦᠬᠡ ᠣᠳᠣᠬᠠᠨ ᠤ ᠬᠤᠭᠤᠯᠠᠢ ᠶᠢᠨ ᠲᠣᠣᠷ ᠲᠤ ᠤᠰᠤ ᠣᠷᠣᠭᠤᠯᠬᠤ᠂ ᠨᠡᠭᠦᠷᠡᠰᠦ ᠰᠢᠲᠠᠭᠠᠬᠤ ᠨᠥᠭᠡᠴᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠯᠠᠪᠯᠠᠨ ᠠᠰᠠᠭᠤᠪᠠ᠃    ᠰᠦᠬᠡ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠭ᠎ᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠥᠷᠭᠡᠨ ᠣᠯᠠᠨ ᠲᠦᠮᠡᠨ ᠤ ᠬᠠᠯᠠᠭᠤᠨ ᠬᠦᠢᠲᠡᠨ ᠳᠤ ᠬᠤᠯᠪᠣᠭᠳᠠᠵᠤ᠂ ᠠᠷᠠᠳ ᠢᠷᠭᠡᠳ ᠤᠨ ᠰᠠᠶᠢᠨ ᠰᠠᠶᠢᠬᠠᠨ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠵᠢᠯ ᠪᠣᠯᠤᠨ᠎ᠠ᠃ ᠡᠯ᠎ᠡ ᠰᠠᠯᠠᠭ᠎ᠠ ᠮᠥᠴᠢᠷ ᠵᠢᠴᠢ ᠢᠯᠴᠢ ᠬᠠᠩᠭᠠᠬᠤ ᠠᠵᠤ ᠠᠬᠤᠶᠢᠯᠠᠯ ᠤᠳ ᠲᠥᠪᠯᠡᠷᠡᠭᠦᠯᠦᠨ ᠢᠯᠴᠢ ᠬᠠᠩᠭᠠᠬᠤ ᠳᠤᠲᠠᠭᠤᠳᠠᠯ ᠢ ᠨᠥᠬᠦᠪᠥᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠥᠪᠯᠡᠷᠡᠭᠦᠯᠦᠨ ᠢᠯᠴᠢ ᠬᠠᠩᠭᠠᠬᠤ ᠶᠢ ᠪᠠᠲᠤᠯᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠨᠡᠬᠦ ︽ᠰᠡᠳᠬᠢᠯ ᠢ ᠳᠤᠯᠠᠭᠠᠴᠠᠭᠤᠯᠬᠤ ᠶᠠᠪᠤᠳᠠᠯ︾ ᠢ ᠦᠨᠡᠨ ᠬᠦ ᠠᠷᠠᠳ ᠣᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠶ᠃ ᠠᠵᠤ ᠠᠬᠤᠶᠢᠯᠠᠯ ᠤᠳ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠪᠠᠷ ᠭᠦᠢᠴᠡᠳᠭᠡᠵᠦ᠂ ᠠᠵᠤ ᠠᠬᠤᠶᠢᠯᠠᠯ ᠤᠨ ᠠᠶᠤᠯ ᠥᠬᠡᠶ  ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠠᠵᠢᠯᠯᠠᠵᠤ᠂ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠰᠢᠢᠳᠪᠦᠷᠢᠯᠡᠵᠦ᠂ ᠢᠯᠴᠢ ᠬᠠᠩᠭᠠᠬᠤ ᠪᠡᠯᠡᠳᠬᠡᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ ᠳᠤᠯᠠᠭᠠᠯᠭ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠳᠤᠯᠠᠭᠠᠯᠭ᠎ᠠ ᠶᠢᠨ ᠪᠠᠷᠢᠮᠵᠢᠶ᠎ᠠ ᠶᠢ ᠴᠢᠩᠳᠠᠯᠠᠵᠤ᠂ ᠳᠤᠯᠠᠭᠠᠯᠭ᠎ᠠ ᠶᠢᠨ ᠶᠠᠰᠤ ᠴᠢᠨᠠᠷ ᠢ ᠪᠠᠲᠤᠯᠠᠵᠤ᠂ ᠳᠤᠯᠠᠭᠠᠯᠭ᠎ᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠢᠶᠠᠷ ᠳᠤᠯᠠᠭᠠᠯᠠᠬᠤ᠂  ᠬᠠᠯᠠᠭᠤᠨ ᠲᠤᠯᠠᠭᠠᠨ ᠢᠶᠠᠷ ᠡᠪᠦᠯ ᠢ ᠦᠩᠬᠡᠷᠡᠬᠦᠯᠬᠦ ᠶᠢ ᠪᠠᠲᠤᠯᠠᠬᠤ ᠬᠡᠷᠡᠭᠲᠡᠢ ᠬᠡᠵᠡᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号