ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠵᠢᠷᠭᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/9
   9 ᠰᠠᠷ᠎ᠠ ᠶᠢᠨ 29 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠬᠤᠷᠢᠨ ᠵᠢᠷᠭᠤᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠴᠧᠨ ᠿᠠᠨ ᠬᠤᠷᠠᠯ ᠳᠤ ᠣᠷᠣᠯᠴᠠᠭᠰᠠᠨ ᠪᠥᠭᠡᠳ ᠬᠤᠷᠠᠯ ᠢ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠭᠧᠩ ᠹᠦ᠋ ᠵᠥᠩ᠂ ᠴᠧᠨ ᠪᠠᠶ ᠱᠦᠨ᠂ ᠪᠠᠶ ᠲᠢᠶᠧ ᠵᠤᠸᠠᠩ ᠵᠢᠴᠢ ᠪᠤᠰᠤᠳ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠡᠷ᠎ᠡ ᠳᠤᠷᠠᠳᠤᠭᠳᠠᠭᠰᠠᠨ ᠡᠷᠬᠢᠯᠡᠭᠴᠢ ᠶᠢᠨ ᠵᠢᠱᠢᠭᠳᠡᠭᠴᠢ ᠸᠠᠩ ᠵᠢᠶᠠ ᠪᠥᠸᠧ ᠬᠤᠷᠠᠯ ᠳᠤ ᠰᠤᠯᠠ ᠣᠷᠣᠯᠴᠠᠪᠠ᠃
   ᠬᠤᠷᠠᠯ ᠠᠴᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣᠨ ᠲᠤᠭ᠎ᠠ ᠶᠢ ᠰᠢᠨ᠎ᠡ ᠪᠠᠷ ᠲᠣᠭᠲᠠᠭᠠᠬᠤ ᠲᠤᠬᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠭᠠᠳ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠩᠭᠤᠭᠤᠯᠢ ᠶᠢᠨ ᠵᠥᠪᠯᠡᠯ ᠤᠨ ᠪᠦᠷᠢᠯᠳᠦᠬᠦᠨ᠂ ᠡᠯ᠎ᠡ ᠰᠤᠮᠤ ᠰᠢᠶᠠᠩ ᠪᠠᠯᠭᠠᠰᠤ ᠶᠢᠨ ᠰᠣᠩᠭᠤᠭᠤᠯᠢ ᠶᠢᠨ ᠵᠥᠪᠯᠡᠯ ᠤᠨ ᠪᠦᠷᠢᠯᠳᠦᠬᠦᠨ ᠢ ᠲᠣᠮᠢᠯᠠᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号