ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠭᠡᠬᠦ ᠠᠵᠢᠯ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠬᠦᠷᠴᠦ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠦᠨᠡᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/10/9
  9 ᠰᠠᠷ᠎ᠠ ᠶᠢᠨ 27 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ᠂ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠲᠤᠬᠠᠶ ᠲᠤᠰᠬᠠᠶ ᠰᠢᠪᠠᠳᠠᠨ ᠪᠠᠶᠢᠴᠠᠭᠠᠯᠲᠠ ᠬᠢᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠰᠢ ᠯᠢᠨ ᠰᠠᠭᠤᠳᠠᠯ ᠤᠨ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠴᠧᠨ ᠭᠦᠸᠧ ᠴᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠹᠧᠩ ᠬᠤᠸᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ 2021 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠳᠠᠭᠠᠭᠠᠨ ᠰᠢᠢᠳᠪᠦᠷᠢᠯᠡᠬᠦ ᠨᠢᠭᠡᠴᠡ ᠳᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠪᠠ ᠲᠣᠭᠲᠠᠭᠠᠯ ᠢ ᠴᠠᠭ ᠲᠤᠬᠠᠶ ᠳᠤᠨᠢ ᠤᠯᠠᠮᠵᠢᠯᠠᠵᠤ᠂ ᠡᠯ᠎ᠡ ᠳᠠᠭᠠᠭᠠᠨ ᠰᠢᠢᠳᠪᠦᠷᠢᠯᠡᠬᠦ ᠨᠢᠭᠡᠴᠡ ᠶᠢᠨ ᠲᠡᠷᠢᠬᠦᠨ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ ᠠᠳᠬᠤᠵᠤ᠂ ᠲᠤᠰᠬᠠᠶ ᠬᠥᠮᠦᠨ ᠲᠤᠰᠬᠠᠶ ᠰᠢᠢᠳᠪᠦᠷᠢᠯᠡᠬᠦ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠪᠠ᠃ ᠰᠠᠨᠠᠯ ᠵᠥᠪᠯᠡᠯᠭᠡ ᠶᠢ  ᠰᠢᠢᠳᠪᠦᠷᠢᠯᠡᠬᠦ ᠶᠠᠪᠤᠴᠠ ᠳᠤ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠰᠢᠢᠳᠪᠦᠷᠢᠯᠡᠭᠰᠡᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠶᠢ ᠴᠢᠩᠭ᠎ᠠ ᠰᠢᠪᠠᠳᠠᠵᠤ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠪᠠᠳᠠᠨ ᠪᠠᠶᠢᠴᠠᠭᠠᠵᠤ᠂ ᠬᠠᠮᠤᠭ ᠤᠨ ᠰᠢᠨ᠎ᠡ ᠰᠢᠢᠳᠪᠦᠷᠢᠯᠡᠭᠰᠡᠨ ᠪᠠᠶᠢᠳᠠᠯ ᠢ ᠡᠵᠡᠮᠰᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠵᠦ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠢ ᠱᠠᠳᠤ ᠱᠠᠳᠤ ᠪᠠᠷ ᠠᠳᠬᠤᠬᠤ ᠬᠥᠮᠦᠨ ᠲᠠᠢ᠂ ᠬᠡᠷᠡᠭ ᠪᠣᠯᠭᠠᠨ ᠢ ᠬᠠᠮᠢᠶᠠᠷᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠪᠠ᠃
   ᠸᠠᠩ ᠰᠢ ᠯᠢᠨ ᠡᠮᠦᠨᠡᠲᠦ ᠬᠤᠰᠢᠭᠤᠨ ᠤ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠵᠤ ᠭᠦᠢᠴᠡᠳ ᠨᠤᠲᠠᠯᠠᠵᠠᠶ᠃ ᠸᠠᠩ ᠰᠢ ᠯᠢᠨ ᠴᠢᠩᠭᠠᠳᠬᠠᠭᠰᠠᠨ ᠨᠢ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠯᠦᠭᠡ ᠶᠢᠨ ᠨᠡᠪᠲᠡᠷᠡᠯᠴᠡᠭᠡ ᠪᠠ ᠰᠣᠯᠢᠯᠴᠠᠭ᠎ᠠ ᠪᠠᠨ ᠴᠢᠩᠭᠠᠳᠬᠠᠵᠤ᠂ ᠰᠠᠨᠠᠯ ᠵᠥᠪᠯᠡᠯᠭᠡ ᠶᠢᠨ ᠠᠬᠢᠴᠠ ᠶᠢᠨ ᠪᠠᠶᠢᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠡᠯ᠎ᠡ ᠵᠦᠢᠯ ᠤᠨ ᠰᠠᠨᠠᠯ ᠵᠥᠪᠯᠡᠯᠭᠡ ᠶᠢ ᠪᠣᠳᠠᠲᠠᠶ ᠪᠠᠷ ᠨᠠᠶᠢᠳᠠᠪᠤᠷᠢᠵᠢᠭᠤᠯᠵᠤ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ ᠬᠡᠵᠡᠢ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠪᠠᠰᠠ ᠵᠢᠷᠦᠬᠡᠨ ᠪᠠᠯᠭᠠᠰᠤᠨ ᠤ ᠬᠤᠩ ᠴᠢ ᠲᠣᠰᠬᠤᠨ᠂ ᠬᠤᠩ ᠰᠢᠨ ᠲᠣᠰᠬᠤᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号