ᠰᠦᠨ ᠱᠦ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠦᠷᠢᠮ ᠲᠣᠭᠲᠠᠭᠠᠯ ᠤᠨ ᠵᠥᠪᠯᠡᠯ ᠤᠨ 2021 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/9
   9 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠦᠷᠢᠮ ᠲᠤᠭᠳᠠᠭᠠᠯ ᠤᠨ  ᠵᠦᠪᠯᠡᠯ ᠤᠨ 2021 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠠᠩ ᠯᠸᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠰᠢᠤᠢ ᠳ᠋ᠦᠩ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠴᠧᠨ ᠭᠦᠸᠧ ᠴᠢᠩ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠬᠤᠷᠠᠯ ᠠᠴᠠ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠬᠢᠩᠭᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠬᠠᠩᠭᠠᠬᠤ ᠦᠢᠯᠡᠴᠢᠯᠡᠭᠡᠨ ᠤ ᠲᠥᠪ ᠤᠨ ᠵᠢᠷᠤᠭ ᠲᠥᠯᠥᠪᠯᠡᠭᠡ ᠶᠢᠨ ᠲᠥᠰᠦᠯ ᠢ ᠰᠤᠳᠤᠯᠤᠨ ᠬᠢᠨᠠᠨ ᠵᠥᠪᠯᠡᠵᠦ᠂ ᠵᠡᠪᠰᠡᠭᠲᠦ ᠴᠠᠭᠳᠠᠭ᠎ᠠ ᠶᠢᠨ ᠬᠢᠩᠭᠠᠨ ᠰᠠᠯᠪᠤᠷᠢ ᠠᠩᠭᠢ ᠶᠢᠨ ᠪᠣᠯᠪᠠᠰᠤᠷᠠᠯ ᠤᠨ ᠣᠷᠳᠣᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠶᠢᠨ ᠺᠠᠩ ᠶᠤᠸᠠᠨ ᠨᠠ ᠪᠤᠷᠴᠠᠭ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠰᠢᠨ᠎ᠡ ᠪᠠᠷ ᠪᠠᠶᠢᠭᠤᠯᠬᠤ ᠦᠢᠯᠡᠳᠪᠦᠷᠢ ᠶᠢᠨ ᠲᠣᠭᠤᠷᠢᠭ ᠤᠨ ᠲᠦᠷᠦᠯ ᠵᠤᠶᠢᠯ ᠤᠨ ᠲᠥᠰᠦᠯ᠂ ᠬᠢᠩᠭᠠᠨ ᠠᠶᠢᠮᠠᠭ ᠤᠨ ᠮᠧᠩ ᠲᠦᠩ ᠦᠵᠡᠮᠵᠢ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠦᠩᠬᠡᠲᠦ ᠳ᠋ᠧᠩ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠦᠷᠦᠯ ᠵᠤᠶᠢᠯ ᠤᠨ ᠲᠥᠰᠦᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠸᠠᠩ ᠯᠦᠩ ᠴᠢᠯᠠᠭᠤᠨ ᠲᠣᠰᠣ ᠪᠣᠷᠣᠯᠠᠭᠤᠯᠬᠤ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠣᠰᠣ ᠨᠡᠮᠡᠬᠦ ᠬᠡᠢ ᠨᠡᠮᠡᠬᠦ ᠥᠷᠲᠡᠭᠡᠨ ᠤ ᠭᠠᠵᠠᠷ ᠰᠣᠩᠭᠤᠬᠤ ᠪᠠ ᠲᠥᠰᠦᠯ᠂ ᠡᠭᠦᠨ ᠤ ᠬᠠᠮᠲᠤ ᠬᠤᠯᠪᠣᠭᠳᠠᠯ ᠪᠦᠬᠦᠢ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠠᠨᠠᠯ ᠪᠠ ᠰᠠᠨᠠᠭᠤᠯᠭ᠎ᠠ ᠳᠤᠷᠠᠳᠴᠠᠶ᠃        ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠥᠬᠦᠶ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠲᠠᠢ ᠤᠶᠠᠯᠳᠤᠭᠤᠯᠤᠨ᠂ ᠠᠯᠤᠰ ᠬᠡᠲᠦ ᠶᠢ ᠪᠣᠳᠣᠯᠬᠢᠯᠠᠵᠤ᠂ ᠠᠮᠤᠷ ᠲᠦᠪᠰᠢᠨ᠂ ᠣᠷᠴᠢᠨ ᠠᠬᠤᠶ ᠶᠢᠨ ᠬᠠᠮᠠᠭᠠᠯᠠᠯᠲᠠ᠂ ᠳᠥᠭᠦᠮ ᠳᠥᠲᠡ᠂ ᠦᠷᠬᠦᠯᠵᠢᠯᠡᠬᠦᠶᠢᠴᠡ ᠬᠥᠭᠵᠢᠯᠲᠡ ᠶᠢ ᠭᠦᠢᠴᠡᠳ ᠪᠣᠳᠣᠯᠬᠢᠯᠠᠨ᠂ ᠵᠣᠬᠢᠴᠠᠩᠭᠤᠶ ᠨᠢᠭᠡᠳᠦᠯ ᠲᠠᠢ ᠪᠠᠶᠢᠬᠤ ᠶᠢ ᠴᠢᠬᠤᠯᠠᠴᠢᠯᠠᠵᠤ᠂ ᠲᠠᠩ ᠴᠣᠭᠴᠠᠲᠤ ᠲᠥᠷᠥᠯ ᠵᠤᠶᠢᠯ ᠤᠨ ᠵᠢᠷᠤᠭ ᠲᠥᠯᠥᠪᠯᠡᠭᠡ ᠶᠢ ᠪᠥᠬᠦ ᠬᠤᠰᠢᠭᠤᠨ ᠤ ᠪᠦᠬᠦᠯᠢ ᠴᠣᠭᠴᠠ ᠶᠢᠨ ᠲᠥᠯᠥᠪᠵᠢᠭᠦᠯᠭᠡ ᠳᠤ ᠠᠭᠤᠰᠤᠯᠴᠠᠭᠤᠯᠤᠨ ᠪᠣᠳᠣᠯᠬᠢᠯᠠᠵᠤ᠂ ᠲᠥᠯᠥᠪᠵᠢᠭᠦᠯᠭᠡ ᠶᠢᠨ ᠶᠠᠰᠤ ᠴᠢᠨᠠᠷ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠡᠮᠬᠢᠯᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠵᠢᠷᠤᠭ ᠲᠥᠯᠥᠪᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠭᠤᠮᠲᠠ ᠶᠢ ᠴᠢᠩᠭ᠎ᠠ ᠰᠠᠬᠢᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠴᠢᠨᠠᠭᠰᠢᠳᠠ ᠵᠠᠰᠠᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠮᠥᠷᠳᠡᠨ ᠦᠢᠯᠡᠴᠢᠯᠡᠬᠦ ᠶᠢ ᠢᠳᠡᠪᠬᠢᠲᠡᠢ ᠰᠠᠶᠢᠲᠤᠷ ᠬᠢᠵᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠬᠤ ᠬᠡᠷᠡᠭᠲᠡᠢ ᠬᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号