ᠯᠢ ᠬᠤᠩ ᠼᠠᠢ ᠮᠠᠨ ᠤ ᠬᠤᠰᠢᠭᠤᠨ ᠳᠤ ᠢᠷᠡᠵᠦ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/11/10
     11 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠬᠤᠩ ᠼᠠᠢ ᠮᠠᠨ ᠤ ᠬᠤᠰᠢᠭᠤᠨ ᠳᠤ ᠢᠷᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠵᠦ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ ᠵᠧᠤ ᠸᠧᠨ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠹᠦ᠋ ᠬᠦᠶ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠬᠤᠰᠢᠭᠤᠨ ᠳᠡᠳ᠋ ᠳᠠᠷᠤᠭ᠎ᠠ᠂ ᠬᠤᠷᠴᠢᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠯᠸᠢ ᠵᠢᠴᠢ ᠠᠶᠢᠮᠠᠭ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ᠂ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠯᠢ ᠬᠤᠩ ᠼᠠᠢ ᠨᠠᠷ ᠤᠷᠢᠳ ᠬᠤᠵᠢᠳ ᠬᠤᠷᠴᠢᠨ ᠪᠠᠯᠭᠠᠰᠤᠨ ᠤ ᠫᠢᠩ ᠠᠨ ᠲᠣᠰᠬᠤᠨ᠂ ᠪᠤᠷᠭᠠᠰᠤᠲᠠᠢ ᠰᠢᠶᠠᠩ ᠤᠨ ᠬᠢᠩᠭᠠᠨ ᠲᠣᠰᠬᠤᠨ᠂ ᠳ᠋ᠠᠱᠢᠵᠠᠢ ᠪᠠᠯᠭᠠᠰᠤ ᠶᠢᠨ ᠲᠠᠢ ᠫᠢᠩ ᠲᠣᠰᠬᠤᠨ ᠳᠤ ᠭᠦᠨᠵᠡᠭᠡᠶᠢᠷᠡᠨ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ᠃ ᠯᠢ ᠬᠤᠩ ᠼᠠᠢ ᠬᠦᠷᠦᠭᠰᠡᠨ ᠭᠠᠵᠠᠷ ᠪᠣᠯᠭᠠᠨ ᠳᠤ ᠲᠣᠰᠬᠤᠨ ᠤ ᠱᠠᠲᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠭᠰᠡᠨ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠯ ᠪᠠᠶᠢᠳᠠᠯ ᠢ ᠬᠢᠨᠠᠨ ᠬᠡᠮᠵᠢᠬᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠬᠤᠷᠴᠢᠨ ᠪᠠᠯᠭᠠᠰᠤᠨ ᠤ ᠫᠢᠩ ᠠᠨ ᠲᠣᠰᠬᠤᠨ ᠤ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠂ ᠪᠤᠷᠭᠠᠰᠤᠲᠠᠶ ᠰᠢᠶᠠᠩ ᠤᠨ ᠬᠢᠩᠭᠠᠨ ᠲᠣᠰᠬᠤᠨ ᠢ ᠡᠷᠦᠬᠡ ᠳᠤ ᠬᠦᠷᠲᠡᠯ᠎ᠡ ᠠᠵᠤ ᠦᠢᠯᠡᠰ ᠢᠶᠠᠷ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ᠂ ᠳ᠋ᠠᠱᠢᠵᠠᠢ ᠪᠠᠯᠭᠠᠰᠤᠨ ᠤ ᠲᠠᠢ ᠫᠢᠩ ᠲᠣᠰᠬᠤᠨ ᠤ ᠵᠢᠶᠠ ᠮᠤᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃      ᠯᠢ ᠬᠤᠩ ᠼᠠᠢ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠯᠲᠡ ᠶᠢᠨ ᠠᠵᠢᠯ ᠢ ᠥᠷᠨᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠪᠦᠬᠦ ᠲᠠᠯ᠎ᠠ ᠶᠢᠨ ᠰᠢᠯᠭᠠᠯᠲᠠ ᠪᠣᠯᠬᠤ ᠪᠥᠭᠡᠳ ᠪᠠᠰᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠰᠠᠶᠢᠨ ᠠᠵᠠ ᠲᠣᠬᠢᠶᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠶ ᠠᠳᠬᠤᠵᠤ᠂ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠪᠠ ᠦᠷ᠎ᠡ ᠪᠦᠲᠦᠮᠵᠢ ᠶᠢ ᠪᠠᠬᠢᠵᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ᠂ ᠡᠯ᠎ᠡ ᠵᠦᠢᠯ ᠤᠨ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠡᠷᠦᠬᠡ ᠶᠢᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠵᠦ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠲᠦᠷᠭᠡᠳᠬᠡᠨ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠠᠭᠢᠵᠤ ᠨᠠᠶᠢᠳᠠᠪᠤᠷᠢᠵᠢᠭᠤᠯᠤᠭᠳᠠᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠤᠨ ᠪᠠᠷᠢᠮᠵᠢᠶ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠠᠵᠢᠯ ᠤᠨ ᠨᠠᠷᠢᠨ ᠵᠦᠢᠯᠡᠰ ᠤᠨ ᠲᠣᠭᠤᠷᠢᠨ ᠳᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠳᠤᠲᠠᠭᠤᠳᠠᠯ ᠢᠶᠠᠨ ᠬᠢᠨᠠᠮᠠᠭᠠᠶ ᠪᠠᠶᠢᠴᠠᠭᠠᠨ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨ ᠬᠦ ᠭᠦᠨᠵᠡᠭᠡᠶ ᠨᠠᠷᠢᠯᠢᠭ ᠪᠣᠳᠠᠲᠠᠶ ᠬᠢᠬᠦ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号