ᠮᠠᠨ ᠤ ᠬᠤᠰᠢᠭᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠪᠠ ᠴᠢᠬᠤᠯᠠ ᠶᠡᠭᠡ ᠲᠥᠷᠥᠯ ᠵᠦᠢᠯ ᠤᠨ ᠨᠥᠭᠡᠴᠡ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/10
    11 ᠰᠠᠷ᠎ᠠ ᠶᠢᠨ 8 ᠤ ᠡᠳᠦᠷ᠂ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤᠨ‌‍ᠲ᠋ᠡᠳ᠋ ᠳᠠᠷᠤᠭ᠎ᠠ ᠯᠢᠦ ᠬᠠᠶ ᠲᠤᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠪᠠ ᠴᠢᠬᠤᠯᠠ ᠶᠡᠭᠡ ᠲᠥᠷᠥᠯ ᠵᠦᠢᠯ ᠤᠨ ᠨᠥᠭᠡᠴᠡᠯᠡᠨ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠥᠬᠦ ᠬᠤᠰᠢᠭᠤᠨ ᠤ 1—10 ᠰᠠᠷ᠎ᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠠᠬᠢᠴᠠ ᠶᠢᠨ ᠪᠠᠶᠢᠳᠠᠯ ᠤᠨ ᠲᠤᠬᠠᠶ ᠮᠡᠳᠡᠭᠡᠯᠡᠯ ᠪᠠ 11—12 ᠰᠠᠷ᠎ᠠ ᠶᠢᠨ ᠵᠢᠱᠢᠭᠰᠡᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠪᠠᠯᠠ ᠣᠷᠣᠭᠤᠯᠤᠯᠲᠠ ᠶᠢ ᠪᠠᠲᠤᠯᠠᠬᠤ᠂ ᠦᠷᠭᠦᠯᠵᠢᠯᠡᠨ ᠪᠥᠲᠥᠭᠡᠨ ᠪᠠᠶᠢᠭᠤᠯᠬᠤ ᠶᠢ ᠪᠠᠲᠤᠯᠠᠬᠤ᠂ ᠰᠢᠨ᠎ᠡ ᠪᠠᠷ ᠨᠡᠭᠡᠭᠡᠬᠦ ᠶᠢ ᠠᠬᠢᠭᠤᠯᠬᠤ᠂ ᠪᠠᠬᠢᠵᠢᠭᠦᠯᠬᠦ ᠪᠠᠯᠠ ᠣᠷᠣᠭᠤᠯᠤᠯᠲᠠ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠬᠤᠯᠪᠣᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠪᠠᠯᠠ ᠮᠥᠩᠭᠦ᠂ ᠬᠥᠮᠦᠨ ᠤ ᠬᠦᠴᠦᠨ᠂ ᠭᠠᠵᠠᠷ ᠰᠢᠷᠣᠶ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ ᠭᠠᠷᠤᠯᠲᠠ ᠶᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠣᠷᠣᠨ ᠰᠠᠭᠤᠴᠠ ᠢᠯᠠᠩᠭᠤᠶ᠎ᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠭᠤᠤᠯᠳᠠᠯᠭ᠎ᠠ ᠲᠠᠢ ᠣᠷᠣᠨ ᠪᠦᠰᠡ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠬᠠᠯᠠᠭᠤᠨ ᠥᠷᠨᠢᠯᠲᠡ ᠶᠢ ᠪᠣᠶ ᠪᠣᠯᠭᠠᠵᠤ᠂ ᠪᠡᠯᠭᠡ ᠲᠡᠮᠳᠡᠭ ᠤᠨ ᠴᠢᠨᠠᠷᠲᠠᠶ᠂ ᠬᠥᠲᠥᠯᠦᠨ ᠳᠠᠭᠠᠭᠤᠯᠬᠤ ᠴᠢᠨᠠᠷᠲᠠᠶ ᠭᠤᠤᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠥᠬᠦ ᠵᠢᠯ ᠤᠨ ᠪᠠᠯᠠ ᠣᠷᠣᠭᠤᠯᠤᠯᠲᠠ ᠶᠢᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠠᠬᠢᠴᠠ ᠶᠢ ᠲᠦᠷᠭᠡᠳᠬᠡᠵᠦ᠂ ᠬᠢᠨᠠᠨ ᠪᠠᠶᠢᠴᠠᠭᠠᠵᠤ ᠨᠤᠲᠠᠯᠠᠯᠲᠠ ᠬᠢᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠡᠷᠲᠡᠬᠡᠨ ᠲᠥᠯᠥᠪᠵᠢᠭᠦᠯᠦᠨ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢᠨ ᠶᠡᠷᠦᠩᠬᠡᠢ ᠲᠤᠭ᠎ᠠ ᠶᠢ ᠪᠠᠭᠠᠰᠬᠠᠵᠤ ᠪᠣᠯᠬᠤ ᠦᠭᠡᠢ᠂ ᠠᠬᠢᠭᠤᠯᠬᠤ ᠡᠷᠴᠢᠮ ᠢᠶᠠᠨ ᠪᠠᠭᠠᠰᠬᠠᠵᠤ ᠪᠣᠯᠬᠤ ᠦᠭᠡᠢ᠂ ᠲᠦᠷᠦᠯ ᠵᠦᠢᠯ ᠤᠨ ᠶᠠᠰᠤ ᠴᠢᠨᠠᠷ ᠢ ᠪᠠᠭᠤᠷᠠᠭᠤᠯᠵᠤ ᠪᠣᠯᠬᠤ ᠦᠭᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠠᠷᠢᠯᠭ᠎ᠠ ᠡᠬᠢᠯᠡᠬᠦ ᠴᠠᠭ ᠢ ᠲᠣᠭᠲᠠᠭᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠵᠦᠢᠯ ᠤᠨ ᠨᠥᠭᠡᠴᠡᠯᠡᠯᠲᠡ ᠶᠢ ᠵᠢᠷᠤᠮᠵᠢᠭᠤᠯᠬᠤ᠂ ᠠᠷᠪᠢᠯᠠᠬᠤ᠂ ᠥᠨᠳᠥᠷ ᠪᠦᠲᠦᠮᠵᠢᠲᠡᠢ᠂ ᠴᠢᠨᠠᠷ ᠰᠠᠶᠢᠲᠠᠢ ᠠᠵᠢᠯᠯᠠᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号