ᠰᠦᠨ ᠱᠤ᠋ ᠲᠤᠤ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/11/15
 
11 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠯᠲᠡ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠶᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠰᠢᠤᠢ ᠳ᠋ᠦᠩ ᠬᠠᠮᠲᠤ ᠪᠠᠶᠢᠴᠠᠭᠠᠨ ᠰᠤᠳᠤᠯᠤᠯᠲᠠ ᠬᠢᠪᠡ᠃    ᠰᠦᠨ ᠱᠤ᠋ ᠲᠤᠤ ᠨᠠᠷ ᠡᠩ ᠲᠡᠷᠢᠭᠦᠨ ᠳᠤ ᠭᠦᠢᠯᠡᠷ ᠪᠠᠯᠭᠠᠰᠤᠨ ᠤ ᠭᠤᠸᠠᠩ ᠮᠢᠩ ᠭᠠᠴᠠᠭ᠎ᠠ ᠳᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠬᠤ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠵᠢᠴᠢ ᠬᠠᠮᠢᠶᠠᠷᠤᠯᠲᠠ ᠶᠢᠨ ᠲᠣᠭᠲᠠᠴᠠ᠂ ᠬᠢᠨᠠᠨ ᠰᠢᠯᠭᠠᠬᠤ ᠲᠣᠭᠲᠠᠴᠠ ᠵᠡᠷᠭᠡ ᠪᠠᠶᠢᠳᠠᠯ ᠤᠨ ᠲᠤᠬᠠᠢ ᠣᠶᠢᠯᠠᠭᠠᠪᠠ᠃    ᠬᠤᠷᠴᠢᠨ ᠸᠠᠩ ᠠᠷᠢᠬᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠰᠦᠨ ᠱᠤ᠋ ᠲᠤᠤ ᠨᠠᠷ ᠷᠠᠰᠢᠶᠠᠨ ᠤᠰᠤ ᠪᠣᠯᠤᠨ ᠠᠷᠢᠬᠢᠨ ᠤ ᠵᠦᠢᠯᠡᠰ ᠤᠨ ᠦᠢᠯᠡᠳᠪᠦᠷᠢᠯᠡᠯ᠂ ᠡᠳ᠋ᠰᠢᠭᠦᠯᠦᠯᠲᠡ᠂ ᠪᠣᠭᠤᠳᠠᠯ ᠤᠨ ᠱᠤᠭᠤᠮ ᠢ ᠲᠣᠭᠤᠷᠢᠨ ᠦᠵᠡᠵᠦ᠂ ᠦᠢᠯᠡᠳᠬᠦᠨ ᠤ ᠪᠣᠷᠣᠯᠠᠭᠤᠯᠭ᠎ᠠ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠡᠯ᠎ᠡ ᠵᠦᠢᠯ ᠤᠨ ᠪᠠᠶᠢᠳᠠᠯ ᠢ ᠨᠠᠷᠢᠨ ᠠᠰᠠᠭᠤᠵᠤ᠂ ᠰᠢᠨ᠎ᠡ ᠶᠢ ᠡᠭᠦᠳᠬᠦ ᠱᠠᠭᠠᠷᠳᠠᠯᠭ᠎ᠠ ᠶᠢ ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠡᠵᠡᠩᠨᠡᠨ ᠪᠣᠷᠣᠯᠠᠭᠤᠯᠬᠤ ᠠᠷᠭ᠎ᠠ ᠪᠤᠳᠤᠯᠭ᠎ᠠ ᠶᠢ ᠲᠡᠭᠦᠯᠳᠡᠷᠵᠢᠭᠦᠯᠵᠦ᠂ ᠬᠠᠭᠤᠴᠢᠨ ᠲᠦᠷᠦᠯ ᠲᠡᠮᠳᠡᠭ ᠤᠨ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠲᠠᠢ ᠵᠣᠬᠢᠴᠠᠬᠤ ᠶᠢ ᠲᠠᠰᠤᠷᠠᠯᠳᠠ ᠦᠭᠡᠢ ᠬᠥᠭᠵᠢᠭᠡᠵᠦ᠂ ᠦᠷ᠎ᠡ ᠠᠰᠢᠭ ᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ᠂ ᠠᠵᠢᠯ ᠣᠯᠭᠤᠯᠲᠠ ᠶᠢ ᠳᠠᠶᠢᠴᠢᠯᠠᠬᠤ ᠵᠡᠷᠭᠡ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠳᠡᠪᠰᠡᠭ ᠪᠠᠯᠭᠠᠰᠤᠨ ᠤ ᠬᠤᠷᠢᠨ ᠭᠠᠴᠠᠭ᠎ᠠ ᠳᠤ᠂ ᠰᠦᠨ ᠱᠤ᠋ ᠲᠤᠤ ᠨᠠᠷ ᠵᠣᠯ ᠵᠢᠷᠭᠠᠯ ᠤᠨ ᠬᠦᠷᠢᠶᠡᠯᠡᠩ ᠳᠤ ᠬᠦᠷᠴᠦ᠂ ᠡᠪᠡᠳᠴᠢᠨ ᠠᠴᠠ ᠪᠤᠯᠵᠤ ᠶᠠᠳᠠᠭᠤᠷᠠᠭᠰᠠᠨ ᠯᠢᠦ ᠱᠤ᠋ ᠴᠢᠨ ᠡᠪᠦᠭᠡᠨ ᠬᠥᠭᠰᠢᠨ ᠬᠤᠶᠠᠭᠤᠯᠠ ᠶᠢᠨ ᠭᠡᠷ ᠲᠤ ᠬᠦᠷᠴᠦ᠂ ᠨᠠᠰᠤᠲᠠᠨ ᠤ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ᠂ ᠡᠮ ᠡᠮᠨᠡᠯᠭᠡ ᠶᠢᠨ ᠲᠠᠩᠰᠠ ᠲᠠᠶᠢᠯᠤᠭᠰᠠᠨ ᠪᠠᠶᠢᠳᠠᠯ᠂ ᠦᠨᠳᠦᠰᠦᠨ ᠵᠦᠢᠯ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠵᠡᠷᠭᠡ ᠠᠭᠤᠯᠭ᠎ᠠ ᠶᠢ ᠨᠠᠷᠢᠨ ᠠᠰᠠᠭᠤᠭᠰᠠᠨ ᠪᠥᠭᠡᠳ ᠨᠠᠰᠤᠲᠠᠨ ᠤ ᠠᠮᠢᠳᠤᠷᠠᠯ ᠳᠡᠭᠡᠷ᠎ᠡ ᠪᠠᠰᠠ ᠶᠠᠮᠠᠷ ᠬᠦᠴᠢᠷᠳᠡᠯ ᠣᠷᠣᠰᠢᠵᠤ ᠪᠠᠶᠢᠬᠤ ᠶᠢ ᠬᠦᠯᠢᠴᠡᠩᠭᠦᠢ ᠪᠠᠷ ᠠᠰᠠᠭᠤᠨ ᠯᠠᠪᠯᠠᠵᠤ᠂ ᠨᠠᠰᠤ ᠠᠬᠠᠰᠢᠷᠠᠭᠰᠠᠨ ᠴᠦ ᠴᠤᠭ ᠵᠢᠪᠬᠤᠭ᠎ᠠ ᠲᠡᠭᠦᠯᠳᠡᠷ ᠶᠠᠪᠤᠭ᠎ᠠ ᠯᠢᠦ ᠱᠤ᠋ ᠴᠢᠨ ᠨᠠᠰᠤᠲᠠᠨ ᠮᠠᠰᠢ ᠪᠠᠶᠠᠷᠯᠠᠵᠤ᠂ ᠲᠡᠷᠡ᠄ ︽ᠡᠪ ᠬᠠᠮᠲᠤ ᠨᠠᠮ ᠤᠨ ᠲᠦᠷᠦ ᠶᠢᠨ ᠪᠤᠳᠤᠯᠭ᠎ᠠ ᠰᠠᠶᠢᠨ ᠠᠴᠠ ᠪᠤᠯᠵᠤ ᠮᠠᠨ ᠤ ᠶᠠᠮᠠᠷ ᠴᠤ ᠬᠦᠴᠢᠷᠳᠡᠯ ᠢ ᠪᠦᠷ ᠰᠢᠢᠳᠪᠦᠷᠢᠯᠡᠵᠡᠢ ᠭᠡᠵᠤ ᠬᠡᠯᠡᠭᠰᠡᠨ ᠦᠭᠡ ᠶᠢ ᠰᠤᠨᠤᠰᠤᠭᠠᠳ ᠰᠦᠨ ᠱᠤ᠋ ᠲᠤᠤ ᠲᠦᠢᠯ ᠢᠶᠠᠷ ᠪᠠᠶᠠᠷᠯᠠᠵᠤ᠂ ᠤᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠠᠯᠢᠪᠠ ᠠᠵᠢᠯ ᠤᠨ ᠵᠣᠷᠢᠯᠲᠠ ᠪᠠ ᠲᠤᠰᠤᠯᠳᠠ ᠮᠥᠨ᠂ ᠡᠯ᠎ᠡ ᠱᠠᠲᠤᠨ ᠤ ᠺᠠᠳ᠋ᠷᠴᠤᠳ ᠦᠷᠭᠦᠯᠵᠢᠯᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠰᠡᠳᠬᠢᠯ ᠲᠠᠯᠪᠢᠨ ᠬᠦᠴᠦ ᠣᠷᠣᠭᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠦᠨ ᠱᠤ᠋ ᠲᠤᠤ ᠪᠠᠰᠠ ᠵᠣᠯ ᠵᠢᠷᠭᠠᠯ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠬᠦᠷᠢᠶᠡᠯᠡᠩ ᠤᠨ ᠲᠥᠯᠥᠪᠵᠢᠭᠦᠯᠭᠡ ᠶᠢ ᠲᠡᠰ ᠳᠡᠪᠰᠢᠭᠦᠯᠬᠦ ᠵᠡᠷᠭᠡ ᠠᠵᠢᠯ ᠳᠤ ᠵᠢᠯᠣᠭᠤᠳᠬᠤ ᠰᠠᠨᠠᠯ ᠳᠤᠷᠠᠳᠴᠠᠢ᠃     ᠰᠦᠨ ᠱᠤ᠋ ᠲᠤᠤ ᠨᠠᠷ ᠪᠠᠰᠠ ᠳᠡᠪᠰᠡᠭ ᠪᠠᠯᠭᠠᠰᠤᠨ ᠤ ᠥᠷᠭᠡᠨ ᠭᠠᠴᠠᠭ᠎ᠠ᠂ ᠳ᠋ᠠᠢ ᠾᠧ ᠭᠠᠴᠠᠭ᠎ᠠ ᠵᠢᠴᠢ ᠴᠠᠷᠠᠰᠤᠨ ᠪᠠᠯᠭᠠᠰᠤᠨ ᠤ ᠪᠠᠶᠠᠨ ᠵᠢᠯᠠᠭ᠎ᠠ ᠭᠠᠴᠠᠭ᠎ᠠ ᠳᠤ ᠬᠦᠷᠴᠡᠢ᠃ ᠰᠦᠨ ᠱᠤ᠋ ᠲᠤᠤ ᠪᠣᠯᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠴᠥᠮ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ ᠮᠠᠲ᠋ᠧᠷᠢᠶᠠᠯ ᠢ ᠤᠷᠪᠠᠭᠤᠯᠤᠨ ᠦᠵᠡᠵᠦ᠂ ᠡᠯ᠎ᠡ ᠭᠠᠵᠠᠷ ᠤᠨ ᠦᠨᠳᠦᠰᠦᠨ ᠪᠠᠶᠢᠳᠠᠯ ᠢ ᠤᠶᠢᠯᠠᠭᠠᠵᠠᠢ᠃ ︽ᠤᠳᠤ ᠡᠨᠡ ᠲᠣᠰᠬᠤᠨ ᠤ ᠪᠠᠶᠢᠩᠭᠤ ᠰᠠᠭᠤᠭ᠎ᠠ ᠬᠥᠮᠦᠨ ᠠᠮᠠ ᠬᠡᠳᠦᠢ ᠪᠠᠶᠢᠬᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠬᠡᠳᠦᠢ ᠳᠤ ᠬᠦᠷᠬᠦ᠂ ᠭᠤᠣᠯᠯᠠᠬᠤ ᠠᠵᠤ ᠦᠢᠯᠡᠰ ᠨᠢ ᠶᠠᠭᠤᠨ ᠳᠤ ᠲᠦᠰᠢᠭᠯᠡᠬᠦ᠂ ᠬᠥᠮᠦᠨ ᠳᠤᠮᠳᠠᠴᠢ ᠶᠢᠨ ᠣᠷᠣᠯᠭ᠎ᠠ ᠨᠢ 6000 ᠲᠥᠭᠦᠷᠢᠭ ᠠᠴᠠ ᠳᠣᠣᠷ᠎ᠠ ᠭᠡᠷ ᠪᠦᠯᠢ ᠪᠠᠶᠢᠬᠤ ᠡᠰᠡᠬᠦ︖ ᠰᠦᠨ ᠱᠤ᠋ ᠲᠤᠤ ᠨᠠᠷᠢᠨ ᠬᠢᠨᠠᠮᠠᠭᠠᠶ ᠦᠵᠡᠵᠦ᠂ ᠨᠠᠷᠢᠨ ᠨᠢᠮᠪᠠᠶ ᠠᠰᠠᠭᠤᠭᠰᠠᠨ ᠪᠥᠭᠡᠳ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠥᠳᠡᠯᠦᠩᠭᠦᠶ ᠬᠢᠨᠠᠨ ᠬᠡᠮᠵᠢᠯᠲᠡ ᠪᠠᠨ ᠴᠢᠩᠭᠠᠳᠬᠠᠵᠤ᠂ ᠳᠠᠯᠳᠠ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢᠶᠠᠨ ᠰᠢᠨᠡᠳᠬᠡᠵᠦ᠂ ᠪᠠᠶᠢᠳᠠᠯ ᠨᠢ ᠲᠣᠳᠣᠷᠬᠠᠶ᠂ ᠲᠤᠭ᠎ᠠ ᠪᠠᠷᠢᠮᠲᠠ ᠨᠢ ᠣᠨᠣᠪᠴᠢᠲᠠᠶ ᠪᠠᠶᠢᠬᠤ ᠶᠢ ᠪᠡᠶᠡᠯᠡᠭᠦᠯᠵᠦ᠂ ᠶᠠᠳᠠᠭᠤ ᠶᠢ ᠲᠡᠳᠬᠦᠬᠦ ᠠᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠷᠢᠨ ᠨᠢᠮᠪᠠᠶ᠂ ᠦᠨᠡᠨ ᠪᠣᠳᠠᠲᠠᠶ᠂ ᠪᠦᠲᠦᠮᠵᠢᠲᠡᠶ ᠵᠣᠯᠭᠠᠭᠤᠯᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠤᠨ ᠳᠠᠷᠠᠭᠠᠬᠢ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠨ ᠱᠤ᠋ ᠲᠤᠤ ᠨᠠᠷ ᠪᠠᠰᠠ ᠡᠯ᠎ᠡ ᠭᠠᠵᠠᠷ ᠤᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠭᠰᠠᠨ ᠪᠥᠭᠡᠳ ᠡᠯ᠎ᠡ ᠪᠠᠯᠭᠠᠰᠤ ᠲᠣᠰᠬᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠷᠭᠡᠨ ᠤᠯᠠᠨ ᠲᠦᠮᠡᠨ ᠤ ᠡᠵᠡᠨ ᠬᠥᠮᠦᠨ ᠤ ᠤᠬᠠᠮᠰᠠᠷ ᠢᠶᠠᠷ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠠᠮᠠᠭᠠᠯᠠᠬᠤ ᠳᠤᠮᠳᠠ ᠣᠷᠣᠯᠴᠠᠬᠤ ᠶᠢ ᠢᠳᠡᠪᠬᠢᠲᠡᠢ ᠲᠠᠶᠢᠴᠢᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠ ᠡᠳ᠋ ᠪᠣᠳᠠᠰ ᠤᠨ ᠨᠥᠭᠡᠴᠡᠯᠡᠯᠲᠡ ᠶᠢ ᠭᠦᠢᠴᠡᠳ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠲᠤᠯᠭᠠᠷᠠᠪᠠᠯ ᠳᠠᠷᠦ᠋ᠢᠬᠠᠨ ᠵᠥᠪ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号