ᠮᠠᠨ ᠤ ᠬᠤᠰᠢᠭᠤ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠵᠢᠴᠢ ᠲᠠᠷᠢᠶᠠᠨ ᠭᠠᠵᠠᠷ ᠤᠨ ᠬᠥᠮᠥᠷᠭᠡ ᠳᠤ ᠳᠠᠯᠳᠠ ᠬᠦᠴᠦᠨ ᠢ ᠨᠥᠬᠦᠪᠥᠷᠢᠯᠡᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/16
      11 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠵᠢᠴᠢ ᠲᠠᠷᠢᠶᠠᠨ ᠭᠠᠵᠠᠷ ᠤᠨ ᠬᠥᠮᠥᠷᠭᠡ ᠳᠤ ᠳᠠᠯᠳᠠ ᠬᠦᠴᠦᠨ ᠢ ᠨᠥᠬᠦᠪᠥᠷᠢᠯᠡᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠬᠤᠰᠢᠭᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤᠨ ᠳᠡᠳ᠋ ᠳᠠᠷᠤᠭ᠎ᠠ ᠯᠢᠦ ᠬᠠᠶ ᠲᠤᠤ᠂ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ᠂ ᠬᠤᠷᠴᠢᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠯᠸᠢ ᠵᠢᠴᠢ ᠬᠤᠰᠢᠭᠤ  ᠶᠢᠨ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠡᠪᠡᠰᠦ ᠪᠡᠯᠴᠢᠭᠡᠷ᠂ ᠠᠮᠢ ᠠᠬᠤᠶ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ ᠴᠧᠨ ᠸᠧᠨ ᠴᠧᠩ ᠨᠡᠷ ᠤᠷᠢᠯᠭ᠎ᠠ ᠪᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠴᠠᠶ᠃    ᠬᠤᠷᠠᠯ ᠳᠡᠭᠡᠷ᠎ᠡ᠂ ᠠᠶᠢᠮᠠᠭ ᠤᠨ ᠲᠥᠯᠥᠪᠵᠢᠭᠦᠯᠭᠡ ᠶᠢᠨ ᠬᠦᠷᠢᠶᠡᠯᠡᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ 2017 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠬᠤᠶᠢᠰᠢ ᠰᠡᠳᠦᠪ ᠲᠣᠭᠲᠠᠭᠠᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠳ᠋ ᠤᠨ ᠵᠠᠰᠠᠭ᠂ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠭᠦᠢᠴᠡᠳᠭᠡᠯ ᠲᠤᠭ᠎ᠠ ᠶᠢ ᠠᠩᠬ᠎ᠠ ᠠᠯᠬᠤᠮ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠠ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠴᠧᠨ ᠸᠧᠨ ᠴᠧᠩ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠵᠢᠴᠢ ᠲᠠᠷᠢᠶᠠᠨ ᠭᠠᠵᠠᠷ ᠤᠨ ᠬᠥᠮᠥᠷᠭᠡ ᠨᠥᠬᠦᠪᠥᠷᠢᠯᠡᠬᠦ ᠳᠠᠯᠳᠠ ᠬᠦᠴᠦᠨ ᠢ ᠠᠭᠤᠳᠠᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠵᠢᠴᠢ ᠬᠡᠷᠬᠢᠨ ᠬᠠᠤᠯᠢ ᠲᠣᠭᠲᠠᠭᠠᠯ ᠶᠣᠰᠣᠭᠠᠷ ᠭᠦᠨᠵᠡᠭᠡᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠪᠥᠭᠡᠳ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠨ ᠶᠠᠷᠢᠯᠴᠠᠵᠤ᠂ ᠪᠥᠬᠦ ᠬᠤᠰᠢᠭᠤᠨ ᠤ ᠥᠨᠳᠥᠷ ᠪᠠᠷᠢᠮᠵᠢᠶ᠎ᠠ ᠪᠠᠷ ᠲᠣᠰ ᠠᠵᠢᠯ ᠢ ᠠᠬᠢᠭᠤᠯᠬᠤ ᠳᠤ ᠤᠯᠠᠮ ᠨᠢᠭᠡ ᠠᠯᠬᠤᠮ ᠡᠷᠡᠭᠡᠯᠵᠡᠭᠡ ᠶᠢ ᠠᠯᠳᠠᠷᠠᠭᠠᠵᠤ᠂ ᠰᠢᠪᠲᠤᠯᠤᠯᠲᠠ ᠶᠢᠨ ᠴᠡᠭ ᠢ ᠡᠷᠢᠵᠦ ᠣᠯᠤᠭᠰᠠᠨ ᠪᠠᠶᠢᠨ᠎ᠠ᠃    ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠪᠣᠯ ᠬᠢᠵᠠᠭᠠᠷᠯᠠᠬᠤ ᠪᠣᠭᠤᠮᠢ ᠶᠢ ᠡᠪᠳᠡᠬᠦ᠂ ᠬᠥᠭᠵᠢᠯᠲᠡ ᠶᠢᠨ ᠣᠷᠣᠨ ᠵᠠᠶ ᠶᠢ ᠥᠷᠭᠡᠳᠬᠡᠬᠦ᠂ ᠠᠮᠤ ᠪᠤᠳᠠᠭᠠᠨ ᠤ  ᠦᠢᠯᠡᠳᠪᠦᠷᠢᠯᠡᠯ ᠤᠨ ᠴᠢᠳᠠᠪᠤᠷᠢ ᠪᠠ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠪᠠ ᠴᠢᠬᠤᠯᠠ ᠭᠠᠷᠳᠠᠴᠠ ᠮᠥᠨ᠃ ᠸᠠᠩ ᠯᠢ ᠳ᠋ᠦᠩ ᠶᠠᠷᠢᠶᠠᠨ ᠳᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠠᠵᠢᠯ ᠨᠢ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠠᠵᠢᠯᠯᠠᠭᠠᠨ ᠤ ᠶᠠᠪᠤᠴᠠ ᠨᠢ ᠨᠠᠷᠢᠨ ᠨᠢᠭᠲᠠ ᠪᠠᠶᠢᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠠᠮᠢᠶᠠᠷᠤᠨ ᠡᠵᠡᠮᠳᠡᠬᠦ ᠪᠠᠷᠢᠮᠵᠢᠶ᠎ᠠ ᠪᠠᠨ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠡᠨ ᠬᠦ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠢᠷᠤᠭ ᠪᠠ ᠲᠣᠯᠪᠤ ᠶᠢ ᠬᠠᠷᠢᠴᠠᠭᠤᠯᠬᠤ᠂ ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠥᠷᠨᠢᠭᠦᠯᠵᠦ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠨᠠᠷᠢᠨ ᠲᠣᠳᠣᠷᠬᠠᠶ ᠤᠶᠢᠯᠠᠭᠠᠨ᠂ ᠬᠤᠷᠢᠭ᠎ᠠ ᠱᠤᠭᠤᠮ ᠢ ᠪᠠᠲᠤ ᠰᠠᠬᠢᠵᠤ᠂ ᠬᠠᠤᠯᠢ ᠲᠣᠭᠲᠠᠭᠠᠯ ᠶᠣᠰᠣᠭᠠᠷ ᠲᠣᠰ ᠠᠵᠢᠯ ᠢ ᠠᠬᠢᠭᠤᠯᠤᠨ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ ᠭᠡᠵᠡᠢ᠃    ᠬᠤᠷᠠᠯ ᠳᠡᠭᠡᠷ᠎ᠡ᠂ ᠯᠢᠦ ᠬᠠᠢ ᠲᠤᠤ ᠡᠨᠡᠬᠦ ᠠᠵᠢᠯ ᠢ ᠬᠡᠷᠬᠢᠨ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号