ᠠᠯᠳᠠᠷ ᠰᠤᠮᠤᠨ ᠤ ᠬᠤᠩ ᠭᠤᠸᠠᠩ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠣᠰᠬᠤᠨ ᠤ ᠠᠷᠠᠳ ᠲᠤ ︽ᠲᠠᠪᠤᠨ ᠣᠳᠣᠨ ᠲᠠᠰ ᠤᠨ ᠦᠢᠯᠡᠴᠢᠯᠡᠭᠡ︾ ᠬᠠᠩᠭᠠᠪᠠ
ᠨᠡᠶᠢᠲᠡᠯᠡᠭᠰᠡᠨ ᠴᠠᠭ᠄
2021/11/17
   ᠠᠯᠳᠠᠨ ᠰᠤᠮᠤᠨ ᠤ ᠬᠤᠩ ᠭᠤᠸᠠᠩ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠣᠷᠣᠵᠤ᠂ ︽ᠤᠯᠠᠨ ᠲᠦᠮᠡᠨ ᠳᠤ ᠰᠠᠶᠢᠨ ᠶᠠᠪᠤᠳᠠᠯ ᠬᠢᠵᠦ᠂ ᠤᠯᠠᠨ ᠲᠦᠮᠡᠨ ᠤ ᠶᠠᠪᠤᠳᠠᠯ ᠢ ᠰᠠᠶᠢᠨ ᠬᠢᠬᠦ︾ ᠬᠡᠳᠦᠨ ᠲᠤᠮᠤ ᠦᠰᠦᠭ ᠨᠢᠳᠤᠨ ᠳᠤ ᠲᠣᠳᠣᠷᠠᠵᠤ᠂ ᠴᠡᠪᠡᠷ ᠴᠡᠮᠴᠡᠭᠡᠷ᠂ ᠠᠭᠤᠵᠢᠮ ᠰᠠᠷᠠᠭᠤᠯ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ᠂ ᠶᠡᠷᠦᠩᠬᠡᠶᠢᠯᠡᠭᠰᠡᠨ ᠦᠢᠯᠡᠴᠢᠯᠡᠭᠡ᠂ ᠬᠠᠪᠰᠤᠷᠤᠨ ᠭᠦᠢᠴᠡᠳᠬᠡᠬᠦ᠂ ᠣᠷᠣᠯᠠᠨ ᠭᠦᠢᠴᠡᠳᠬᠡᠬᠦ᠂ ᠨᠠᠮ ᠤᠨ ᠭᠡᠰᠢᠭᠦᠨ ᠤ ᠦᠢᠯᠡᠴᠢᠯᠡᠭᠡ᠂ ᠠᠰᠠᠭᠤᠨ ᠯᠠᠪᠯᠠᠵᠤ ᠵᠠᠭᠠᠯᠳᠤᠬᠤ ᠵᠡᠷᠭᠡ ᠲᠦᠷᠪᠡᠨ ᠴᠤᠩᠬᠤᠪᠴᠢ ᠪᠠᠷ ᠠᠵᠢᠯᠯᠠᠵᠤ᠂ ᠲᠤᠬᠠᠶᠢᠯᠠᠭᠰᠠᠨ ᠠᠵᠢᠯ ᠤᠨ ᠬᠥᠮᠦᠰ ᠪᠦᠬᠦᠨ ᠢᠶᠠᠷ ᠢᠶᠠᠨ ᠠᠵᠢᠯ ᠤᠨ ᠪᠠᠶᠢᠷᠢᠨ ᠳᠠᠭᠠᠨ ᠪᠠᠶᠢᠵᠤ᠂ ᠤᠯᠠᠨ ᠲᠦᠮᠡᠨ ᠤ ᠢᠷᠡᠵᠦ ᠭᠦᠢᠴᠡᠳᠬᠡᠬᠦ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠪᠡ᠃ ᠣᠯᠠᠨ ᠲᠦᠮᠡᠨ ᠢ ᠤᠴᠢᠷ ᠶᠠᠪᠤᠳᠠᠯ ᠪᠦᠲᠦᠭᠡᠬᠦ ᠳᠤ ᠲᠥᠬᠦᠮ ᠪᠣᠯᠭᠠᠬᠤ ᠶᠢᠨ ᠲᠥᠯᠥᠭᠡ᠂ ᠬᠤᠩ ᠭᠤᠸᠠᠩ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠲᠣᠰᠬᠤᠨ ᠤ ᠠᠷᠠᠳ ᠲᠤ ᠰᠦᠢᠳᠭᠡᠯ ᠬᠤᠷᠢᠶᠠᠬᠤ ᠥᠬᠡᠶ ︽ᠵᠠᠭᠤᠴᠢ︾ ᠪᠣᠯᠵᠣ᠂ ︽ᠬᠡᠷ ᠲᠤ ᠨᠢ ᠬᠦᠷᠴᠦ ᠦᠢᠯᠡᠴᠢᠯᠡᠬᠦ︾ ︽ᠰᠦᠢᠳᠭᠡᠯ ᠬᠤᠷᠢᠶᠠᠬᠤ ᠥᠬᠡᠶ ᠭᠦᠶᠦᠬᠦ︾ ᠵᠡᠷᠭᠡ ︽ᠲᠠᠪᠤᠨ ᠣᠳᠣᠨ ᠲᠠᠰ ᠤᠨ ᠦᠢᠯᠡᠴᠢᠯᠡᠭᠡ︾ ᠬᠠᠩᠭᠠᠪᠠ᠃    ᠬᠡᠨ ᠤ ᠭᠡᠷ ᠨᠢ ᠳᠠᠭᠠᠳᠬᠠᠯ ᠢᠶᠠᠨ ᠮᠡᠳᠡᠭᠦᠯᠵᠦ᠂ ᠵᠢᠭᠡᠯᠡᠯᠭᠡ ᠠᠪᠬᠤ ᠭᠡᠪᠡᠯ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ ᠲᠠᠢ ᠬᠠᠷᠢᠯᠴᠠᠳᠠᠭ ᠯᠠ ᠶᠤᠮ ᠪᠣᠯ ᠤᠴᠢᠷ ᠶᠠᠪᠤᠳᠠᠯ ᠢ ᠵᠠᠪᠠᠯ ᠡᠬᠢᠨ ᠠᠴᠠ ᠨᠢ ᠠᠳᠠᠭ ᠲᠤᠨᠢ ᠲᠤᠯᠲᠠᠯ᠎ᠠ ᠲᠣᠪ ᠲᠣᠳᠣᠷᠬᠠᠢ ᠰᠢᠢᠳᠪᠦᠷᠢᠯᠡᠵᠤ ᠦᠭᠳᠡᠭ᠃ ︽ᠮᠠᠨ ᠤ ᠭᠡᠷ ᠤᠨ ᠦᠬᠡᠷ ᠠᠰᠠᠭᠤᠳᠠᠯ ᠭᠠᠷᠴᠠᠢ᠂ ᠪᠢ ᠪᠠᠰᠠ ᠳᠠᠭᠠᠳᠬᠠᠯ ᠮᠡᠳᠡᠭᠦᠯᠵᠤ ᠴᠢᠳᠠᠬᠤ ᠦᠭᠡᠢ ᠤᠴᠢᠷ ᠠᠴᠠ᠂ ᠲᠣᠰᠬᠤᠨ ᠤ ᠵᠦᠪᠯᠡᠯ ᠳᠤ ᠤᠲᠠᠰᠤ ᠠᠪᠤᠭᠰᠠᠨ  ᠳᠤ᠂ ᠲᠡᠳᠡᠨ ᠤ ᠨᠠᠳᠠ ᠳᠤ ᠬᠠᠷᠢᠯᠴᠠᠭᠰᠠᠨ ᠳᠠᠭᠠᠳᠬᠠᠯ ᠤᠨ ᠺᠣᠮᠫᠠᠨᠢ᠂ ᠨᠠᠳᠠ ᠶᠢ ᠬᠠᠪᠰᠤᠷᠤᠨ ᠡᠨᠡ ᠤᠴᠢᠷ ᠢ ᠮᠠᠰᠢ ᠰᠠᠶᠢᠬᠠᠨ ᠰᠢᠢᠳᠪᠦᠷᠢᠯᠡᠵᠡᠢ᠃︾ ᠭᠡᠵᠦ ᠲᠣᠰᠬᠤᠨ ᠤ ᠠᠷᠠᠳ ᠰᠦᠨ ᠰᠢᠤᠸᠠᠢ ᠶᠢᠦ ᠬᠡᠯᠡᠪᠡ᠃ ᠪᠠᠰᠠ ᠮᠠᠰᠢ ᠣᠯᠠᠨ ᠬᠠᠮᠲᠤ ᠪᠠᠷ ᠰᠢᠢᠳᠪᠦᠷᠢᠯᠡᠬᠦ ᠴᠢᠬᠤᠯᠠᠲᠠᠢ ᠤᠴᠢᠷ ᠶᠠᠪᠤᠳᠠᠯ ᠢ ᠭᠠᠴᠠᠭᠠᠨ ᠤ ᠠᠷᠠᠳ ᠬᠤᠩ ᠭᠤᠸᠠᠩ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠰᠠᠨᠠᠭ᠎ᠠ ᠠᠮᠤᠷ ᠲᠤᠰᠢᠶᠠᠨ ᠥᠭᠴᠦ ᠨᠢᠭᠡᠳᠦᠯᠲᠡᠢ ᠰᠢᠢᠳᠪᠦᠷᠢᠯᠡᠭᠦᠯᠵᠦ ᠪᠣᠯᠤᠨ᠎ᠠ᠂ ᠡᠨᠡ ᠨᠢ ᠰᠡᠳᠬᠢᠯ ᠠᠮᠤᠷ ᠮᠥᠷᠲᠡᠭᠡᠨ ᠤᠴᠢᠷ ᠶᠠᠪᠤᠳᠠᠯ ᠳᠤ ᠴᠤ ᠳᠥᠭᠦᠮ ᠶᠤᠮ᠃    ᠡᠳᠦᠭᠡ᠂ ᠬᠤᠩ ᠭᠤᠸᠠᠩ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠠᠮ ᠤᠨ ᠭᠡᠰᠢᠭᠦᠨ ᠤ ᠠᠵᠢᠯᠯᠠᠭ᠎ᠠ᠂ ᠲᠣᠰᠬᠤᠨ ᠤ ᠠᠷᠠᠳ ᠤᠨ ᠬᠡᠷᠡᠭ ᠵᠥᠪᠯᠡᠬᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠬᠥᠮᠦᠵᠢᠯ ᠪᠣᠯᠪᠠᠰᠤᠷᠠᠯ᠂ ᠰᠣᠶᠣᠯ ᠵᠤᠭ᠎ᠠ ᠴᠡᠩᠭᠡᠯ ᠵᠡᠷᠭᠡ ᠲᠠᠯ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠥᠷᠭᠡᠳᠬᠡᠨ ᠳᠡᠭᠡᠭᠰᠢᠯᠡᠭᠦᠯᠵᠦ᠂ ᠣᠯᠠᠨ ᠲᠦᠮᠡᠨ ᠳᠤ ᠨᠢᠭᠤᠷᠳᠠᠨ ᠦᠢᠯᠡᠴᠢᠯᠡᠵᠤ᠂ ᠠᠰᠠᠭᠤᠳᠠᠯ ᠢ ᠦᠨᠡᠨ ᠪᠣᠳᠠᠲᠠᠶ ᠰᠢᠢᠳᠪᠦᠷᠢᠯᠡᠵᠤ᠂ ᠣᠯᠠᠨ ᠲᠦᠮᠡᠨ ᠳᠤ ᠲᠥᠬᠦᠮ ᠡᠭᠦᠳᠡ ᠨᠡᠭᠡᠭᠡᠵᠦ᠂ ᠵᠣᠯ ᠵᠢᠷᠭᠠᠯ ᠤᠨ ᠵᠠᠮ ᠢ ᠳᠡᠪᠢᠰᠴᠦ᠂ ᠨᠠᠮ ᠤᠨ ᠭᠡᠰᠢᠭᠦᠨ ᠺᠠᠳ᠋ᠷ ᠪᠣᠯᠤᠨ ᠲᠣᠰᠬᠤᠨ ᠤ ᠣᠯᠠᠨ ᠲᠦᠮᠡᠨ ᠤ ᠰᠡᠳᠬᠢᠯ ᠢ ᠬᠤᠯᠪᠣᠬᠤ ᠬᠥᠭᠦᠷᠭᠡ ᠶᠢ ᠦᠨᠡᠨ ᠬᠦ ᠴᠣᠭᠴᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号