ᠴᠠᠷᠠᠰᠤᠨ ᠪᠠᠯᠭᠠᠰᠤ ︽ᠪᠠᠯᠭᠠᠰᠤᠨ ᠤ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠬᠤ ᠰᠠᠷ᠎ᠠ︾ ᠶᠢᠨ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/11/17
    ᠪᠥᠬᠦ ᠬᠤᠰᠢᠭᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠣᠶᠢᠷ᠎ᠠ ᠳᠤ᠂ ᠴᠠᠷᠠᠰᠤᠨ ᠪᠠᠯᠭᠠᠰᠤ ︽ᠪᠠᠯᠭᠠᠰᠤᠨ ᠤ ᠲᠣᠭᠤᠷᠢᠭ ᠤᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠤᠰᠬᠠᠶ ᠴᠡᠭᠴᠡᠯᠡᠨ ᠵᠠᠰᠠᠬᠤ ᠰᠠᠷ᠎ᠠ︾ ᠶᠢᠨ ᠲᠤᠰᠬᠠᠶ ᠠᠵᠢᠯᠯᠠᠭ᠎ᠠ ᠥᠷᠨᠢᠭᠦᠯᠵᠦ᠂ ᠠᠷᠢᠭᠤᠨ ᠴᠡᠪᠡᠷ᠂ ᠴᠡᠪᠡᠷ ᠲᠡᠭᠰᠢ᠂ ᠣᠷᠴᠢᠨ ᠲᠣᠭᠤᠷᠢᠨ ᠭᠤᠶᠣ ᠰᠠᠶᠢᠬᠠᠨ᠂ ᠬᠤᠳᠠᠯᠳᠤᠭ᠎ᠠ ᠬᠢᠵᠦ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠬᠥᠳᠡᠭᠡ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃     ᠡᠨᠡ ᠤᠳᠠᠭᠠᠨ ᠤ ᠠᠵᠢᠯᠯᠠᠭ᠎ᠠ ᠶᠢ ᠴᠠᠷᠠᠰᠤᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠦᠷᠦᠭᠦᠯᠡᠨ᠂ ᠪᠠᠶᠢᠭᠤᠯᠭ᠎ᠠ ᠶᠢᠨ ᠺᠠᠳ᠋ᠷ᠂ ᠠᠳᠠᠯ ᠠᠬᠤᠶ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢᠳ ᠤᠨ ᠬᠠᠮᠲᠤᠷᠠᠭᠰᠠᠨ ᠠᠵᠢᠯᠯᠠᠭ᠎ᠠ᠂ ︽ᠲᠠᠪᠤ ᠶᠢ ᠴᠡᠪᠡᠷᠯᠡᠬᠦ︾ ︵ᠬᠤᠭ ᠨᠣᠪᠰᠢ ᠶᠢ ᠴᠡᠪᠡᠷᠯᠡᠬᠦ᠂ ᠬᠦᠷᠢᠶ᠎ᠡ ᠬᠠᠰᠢᠶ᠎ᠠ ᠴᠡᠪᠡᠷᠯᠡᠬᠦ᠂ ᠭᠤᠤᠯ ᠤᠨ ᠬᠤᠩᠬᠢᠯ ᠢ ᠴᠡᠪᠡᠷᠯᠡᠬᠦ᠂ ᠬᠥᠳᠡᠭᠡ ᠲᠣᠰᠬᠤᠨ ᠢ ᠴᠡᠪᠡᠷᠯᠡᠬᠦ᠂ ᠵᠠᠮ ᠢ ᠴᠡᠪᠡᠷᠯᠡᠬᠦ ᠪᠠᠷ ᠭᠤᠣᠯᠳᠠᠯᠭ᠎ᠠ ᠪᠣᠯᠭᠠᠨ᠎ᠠ᠂ ︽ᠲᠠᠪᠤᠨ ᠪᠠᠶᠢᠬᠤ︾ ︵ᠬᠠᠮᠢᠶᠠᠷᠴᠤ ᠬᠠᠮᠠᠭᠠᠯᠠᠬᠤ ᠲᠦᠷᠢᠮ ᠪᠠᠶᠢᠬᠤ᠂ ᠬᠠᠮᠢᠶᠠᠷᠴᠤ ᠬᠠᠮᠠᠭᠠᠯᠠᠬᠤ ᠡᠩᠨᠡᠭᠡ ᠪᠠᠶᠢᠬᠤ᠂ ᠲᠥᠬᠦᠭᠡᠷᠦᠮᠵᠢ ᠪᠠᠶᠢᠬᠤ᠂ ᠵᠠᠷᠤᠳᠠᠯ ᠤᠨ ᠪᠠᠲᠤᠯᠠᠭ᠎ᠠ ᠪᠠᠶᠢᠬᠤ᠂ ᠱᠠᠩᠨᠠᠬᠤ ᠰᠢᠳᠬᠡᠬᠦ ᠠᠷᠭ᠎ᠠ ᠬᠡᠮᠵᠢᠶ᠎ᠡ ᠪᠠᠶᠢᠬᠤ︶ ᠪᠠᠷ ᠱᠠᠭᠠᠷᠳᠠᠯᠭ᠎ᠠ ᠪᠣᠯᠭᠠᠨ᠎ᠠ᠂ ︽ᠲᠠᠪᠤᠵᠢᠭᠤᠯᠬᠤ︾ ︵ᠴᠡᠪᠡᠷᠵᠢᠭᠦᠯᠬᠦ᠂ ᠭᠤᠶᠣᠯᠠᠬᠤ᠂ ᠨᠣᠭᠤᠭᠠᠷᠠᠭᠤᠯᠬᠤ᠂ ᠳᠦᠷᠢᠮᠵᠢᠭᠦᠯᠬᠦ᠂ ᠪᠠᠶᠢᠩᠭᠤᠵᠢᠭᠤᠯᠬᠤ︶ ᠪᠠᠷ ᠬᠠᠷᠠᠯᠲᠠ ᠪᠣᠯᠭᠠᠬᠤ᠂ ᠪᠥᠬᠦ ᠪᠠᠯᠭᠠᠰᠤᠨ ᠤ ᠪᠡᠯᠡᠳᠬᠡᠯ ᠬᠦᠴᠦᠨ ᠢ ᠳᠠᠶᠢᠴᠢᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠭᠤᠯᠪᠠ᠂ ᠪᠦᠬᠦ ᠪᠠᠯᠭᠠᠰᠤᠨ ᠤ 16 ᠭᠠᠴᠠᠭ᠎ᠠ ︵ᠨᠡᠶᠢᠭᠡᠮ ᠲᠣᠭᠤᠷᠢᠭ ︶ ᠶᠢ ᠪᠦᠷᠬᠦᠭᠦᠯᠬᠦ ᠶᠢ ᠦᠨᠡᠨ ᠬᠦ ᠪᠡᠶᠡᠯᠡᠭᠦᠯᠪᠡ᠂ ᠠᠳᠠᠯ ᠠᠬᠤᠶ᠂ ᠴᠡᠪᠡᠷᠯᠡᠭᠴᠢ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠦᠢᠯᠡᠴᠢᠯᠡᠭᠴᠢ᠂ ᠣᠯᠠᠨ ᠲᠦᠮᠡᠨ ᠢ ᠪᠦᠷᠢᠨ ᠳᠠᠶᠢᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃     ᠲᠠᠷᠠᠭᠠᠴᠢ ᠶᠢᠨ ᠠᠯᠬᠤᠮ ᠳᠤ᠂ ᠴᠠᠷᠠᠰᠤᠨ ᠪᠠᠯᠭᠠᠰᠤ ᠨᠠᠮ ᠤᠨ ᠭᠡᠰᠢᠭᠦᠨ ᠣᠯᠠᠨ ᠲᠦᠮᠡᠨ ᠢ ᠢᠳᠡᠪᠬᠢᠲᠡᠶ ᠳᠠᠶᠢᠴᠢᠯᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠳᠤ ᠣᠷᠣᠯᠴᠠᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠶᠢ ᠣᠯᠠᠨ ᠲᠦᠮᠡᠨ ᠤ ᠳᠠᠳᠬᠠᠯ ᠪᠣᠯᠭᠠᠨ ᠬᠤᠪᠢᠷᠠᠭᠤᠯᠵᠤ᠂ ︽ᠨᠠᠳᠠ ᠪᠠᠷ ᠴᠡᠭᠴᠡᠯᠡᠨ ᠵᠠᠰᠠᠭᠤᠯᠬᠤ︾ ᠠᠴᠠ ︽ᠪᠢ ᠴᠡᠭᠴᠡᠯᠡᠨ ᠵᠠᠰᠠᠬᠤ︾ ᠪᠣᠯᠭᠠᠨ ᠬᠤᠪᠢᠷᠠᠭᠤᠯᠵᠤ᠂ ᠲᠥᠪᠯᠡᠷᠡᠭᠦᠯᠦᠨ ᠴᠡᠪᠡᠷᠯᠡᠬᠦ ᠪᠠ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠲᠠᠢ ᠪᠣᠯᠭᠠᠵᠤ᠂ ᠪᠥᠬᠦ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠠᠮᠢᠶᠠᠷᠬᠤ ᠬᠢᠷᠢ ᠲᠦᠪᠰᠢᠨ ᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号