ᠰᠦᠨ ᠱᠤ᠋ ᠲᠤᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2021/11/2
     10 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ︽ᠳᠥᠷᠪᠡᠨ ᠥᠬᠡᠶ ᠬᠤᠶᠠᠷ ᠢ ᠰᠢᠭᠤᠳ ᠪᠠᠶᠢᠯᠭᠠᠬᠤ︾ ᠠᠷᠭ᠎ᠠ ᠬᠡᠯᠪᠡᠷᠢ ᠪᠠᠷ ᠵᠠᠰᠠᠭᠲᠤ ᠨᠡᠶᠢᠭᠡᠮ ᠲᠣᠭᠤᠷᠢᠭ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠴᠡᠭ ᠲᠣᠭᠲᠠᠭᠠᠨ ᠲᠤᠰᠠᠭᠠᠷᠯᠠᠬᠤ ᠴᠡᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠠᠩ ᠰᠢᠤᠢ ᠳ᠋ᠦᠩ ᠵᠢᠴᠢ ᠬᠤᠰᠢᠭᠤᠨ ᠤ ᠵᠠᠰᠠᠭ ᠤᠨ ᠣᠷᠳᠣᠨ ᠤ  ᠬᠤᠰᠢᠭᠤᠨ‌‍ᠲ᠋ᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠹᠠᠩ ᠢᠦᠶ ᠼᠦᠨ ᠬᠠᠮᠲᠤ ᠠᠵᠢᠯ ᠪᠠᠶᠢᠴᠠᠭᠠᠪᠠ᠃ ᠵᠠᠰᠠᠭᠲᠤ ᠨᠡᠶᠢᠭᠡᠮ ᠲᠣᠭᠤᠷᠢᠭ ᠲᠤ᠂ ᠰᠦᠨ ᠱᠤ᠋ ᠲᠤᠤ ᠨᠠᠷ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠪᠠ᠃ ︽ᠨᠡᠶᠢᠭᠡᠮ ᠲᠣᠭᠤᠷᠢᠭ ᠤᠨ ᠬᠢᠨ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠬᠤᠰᠢᠭᠤᠨ ᠳᠤ ᠪᠠᠨ ᠪᠤᠴᠠᠭᠰᠠᠨ ᠬᠡᠴᠢᠨᠡᠨ ᠬᠥᠮᠦᠰ ᠢ ᠤᠶᠢᠯᠠᠭᠠᠨ ᠵᠢᠭᠰᠠᠭᠠᠵᠤ᠂ ᠭᠤᠤᠯᠳᠠᠭᠤ ᠶᠠᠮᠠᠷ ᠠᠷᠭ᠎ᠠ ᠪᠠᠷᠢᠯ ᠳᠤ ᠲᠦᠰᠢᠭᠯᠡᠨ ᠤᠶᠢᠯᠠᠭᠠᠨ ᠵᠢᠭᠰᠠᠭᠠᠵᠤ ᠪᠠᠶᠢᠬᠤ᠂ ᠲᠣᠮᠣ ᠳ᠋ᠠᠶᠢᠲ᠋ᠠ ᠪᠠᠷ ᠵᠢᠭᠰᠠᠭᠠᠨ ᠪᠠᠶᠢᠴᠠᠭᠠᠬᠤ ᠶᠤᠮ ᠦᠦ ᠡᠰᠡᠬᠦᠯ᠎ᠡ ᠰᠠᠨᠠᠭᠠᠴᠢᠯᠠᠭ᠎ᠠ ᠠᠴᠠ ᠪᠠᠨ ᠳᠡᠭᠡᠭᠰᠢ ᠮᠡᠳᠡᠭᠦᠯᠵᠦ ᠪᠠᠶᠢᠬᠤ᠂  ᠦᠢᠯᠡᠳᠦᠯᠭᠡ ᠶᠢᠨ ᠳᠤᠮᠳᠠ ᠣᠯᠵᠤ ᠮᠡᠳᠡᠭᠰᠡᠨ ᠰᠡᠷᠭᠡᠶᠢᠯᠡᠨ ᠡᠵᠡᠮᠳᠡᠬᠦ ᠠᠯᠢ ᠭᠤᠭᠴᠤᠭ᠎ᠠ ᠶᠢ ᠪᠠᠰᠠ ᠴᠢᠩᠭᠠᠳᠬᠠᠬᠤ ᠴᠢᠬᠤᠯᠠᠲᠠᠶ ᠪᠣᠶ︖ ᠰᠦᠨ ᠱᠤ᠋ ᠲᠤᠤ ᠭᠡᠷ ᠲᠡᠭᠡᠨ ᠲᠤᠰᠠᠭᠠᠷᠯᠠᠭᠳᠠᠵᠤ ᠪᠠᠶᠢᠭ᠎ᠠ ᠬᠥᠮᠦᠰ ᠤᠨ ᠪᠦᠷᠢᠳᠬᠡᠯ ᠤᠨ ᠬᠦᠰᠦᠨᠦᠭᠲᠦ ᠶᠢ ᠤᠷᠪᠠᠭᠤᠯᠤᠨ ᠦᠵᠡᠵᠦ᠂ ᠪᠣᠳᠠᠲᠠᠢ ᠪᠠᠶᠢᠳᠠᠯ ᠢ ᠯᠠᠪᠯᠠᠨ ᠠᠰᠠᠭᠤᠪᠠ᠃ ᠵᠠᠰᠠᠭᠲᠤ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠤ ᠦᠢᠯᠡᠳᠦᠯ ᠢ ᠪᠠᠳᠠᠷᠠᠭᠤᠯᠬᠤ᠂ ᠤᠬᠠᠭᠤᠯᠭ᠎ᠠ ᠶᠢᠨ ᠪᠦᠷᠬᠦᠴᠡ ᠶᠢ ᠥᠷᠭᠡᠳᠬᠡᠬᠦ᠂ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠠᠵᠢᠯ ᠳᠤ ᠬᠠᠷᠢᠭᠤ ᠮᠡᠳᠡᠭᠦᠯᠦᠯᠲᠡ ᠬᠢᠵᠡᠶ᠃ ᠰᠦᠨ ᠱᠤ᠋ ᠲᠤᠤ ᠱᠠᠭᠠᠷᠳᠠᠭᠰᠠᠨ ᠨᠢ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠬᠤᠰᠢᠭᠤᠨ ᠳᠤ ᠪᠠᠨ ᠪᠤᠴᠠᠵᠤ ᠢᠷᠡᠭᠰᠡᠨ ᠬᠥᠮᠦᠰ ᠤᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ ᠳᠠᠩᠰᠠᠯᠠᠬᠤ ᠠᠵᠢᠯ ᠢ ᠴᠢᠩᠭ᠎ᠠ ᠰᠠᠶᠢᠲᠤᠷ ᠬᠢᠵᠦ᠂ ᠮᠡᠳᠡᠭᠦᠯᠬᠦ ᠥᠬᠡᠶ ᠨᠢᠭᠤᠬᠤ᠂ ᠣᠷᠬᠢᠭᠳᠠᠭᠤᠯᠤᠨ ᠮᠡᠳᠡᠭᠦᠯᠬᠦ ᠶᠢ ᠴᠢᠩᠭ᠎ᠠ ᠰᠡᠷᠭᠡᠶᠢᠯᠡᠵᠦ᠂ ᠡᠯ᠎ᠡ ᠵᠦᠢᠯ ᠤᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠬᠡᠷ ᠲᠡᠭᠡᠨ ᠰᠠᠭᠤᠵᠤ ᠠᠵᠢᠭᠯᠠᠬᠤ ᠬᠥᠮᠦᠰ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ᠂ ᠰᠦᠨ ᠱᠤ᠋ ᠲᠤᠤ ᠨᠠᠷ ᠤᠷᠢᠳ ᠬᠤᠵᠢᠳ ᠣᠯᠠᠨ ᠲᠥᠷᠥᠯ ᠤᠨ ᠴᠠᠭᠳᠠᠭᠠᠨ ᠤ ᠨᠡᠶᠢᠯᠡᠮᠡᠯ ᠪᠠᠶᠢᠯᠳᠤᠭᠠᠨ ᠤ ᠲᠥᠪ᠂ ᠨᠢᠭᠤᠴᠠ ᠮᠡᠳᠡᠭᠡᠨ ᠤ ᠵᠢᠯᠣᠭᠤᠳᠬᠤ ᠲᠥᠪ ᠲᠤ ᠬᠦᠷᠴᠦ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠨᠡᠶᠢᠭᠡᠮ ᠤᠨ ᠬᠠᠮᠢᠶᠠᠷᠤᠨ ᠡᠵᠡᠮᠳᠡᠬᠦ ᠲᠥᠰᠦᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠴᠤᠪᠤᠷᠠᠯ ᠪᠠᠶᠢᠴᠠᠭᠠᠯᠲᠠ ᠶᠢᠨ ᠡᠬᠢ ᠡᠭᠦᠰᠦᠯ ᠢ ᠡᠷᠢᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠳ᠋ᠢᠶᠠᠩᠬᠤᠸᠠ ᠪᠠᠷ ᠪᠠᠶᠢᠴᠠᠭᠠᠨ ᠵᠢᠭᠰᠠᠭᠠᠬᠤ᠂ ᠮᠡᠳᠡᠭᠡ ᠵᠠᠩᠭᠢ ᠶᠢ ᠰᠢᠯᠵᠢᠭᠦᠯᠬᠦ ᠵᠡᠷᠭᠡ ᠲᠤᠬᠠᠶᠢᠯᠠᠭᠰᠠᠨ ᠠᠵᠢᠯ ᠢ ᠨᠠᠷᠢᠨ ᠣᠶᠢᠯᠠᠭᠠᠪᠠ᠃ ᠲᠣᠭᠲᠠᠭᠰᠠᠨ ᠲᠤᠰᠠᠭᠠᠷᠯᠠᠬᠤ ᠴᠡᠭ ᠲᠤ᠂ ᠰᠦᠨ ᠱᠤ᠋ ᠲᠤᠤ ᠠᠨᠠᠭᠠᠬᠤ ᠤᠬᠠᠭᠠᠨ ᠤ ᠲᠤᠰᠠᠭᠠᠷᠯᠠᠯ ᠤᠨ ᠬᠥᠮᠦᠰ ᠤᠨ ᠬᠤᠭᠤᠯᠠ ᠤᠮᠳᠠ ᠶᠢᠨ ᠪᠠᠲᠤᠯᠠᠭ᠎ᠠ᠂ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ᠂ ᠠᠵᠢᠯᠲᠠᠳ ᠤᠨ ᠵᠢᠵᠢᠭᠦᠷ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠨ ᠣᠶᠢᠯᠠᠭᠠᠪᠠ᠃ ᠰᠦᠨ ᠱᠤ᠋ ᠲᠤᠤ᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠢᠨ ᠠᠵᠢᠯ ᠲᠥᠷᠥᠯ ᠤᠨ ᠡᠭᠦᠷᠭᠡ ᠴᠢᠳᠠᠪᠬᠢ ᠪᠠᠨ  ᠭᠦᠢᠴᠡᠳ ᠪᠠᠳᠠᠷᠠᠭᠤᠯᠵᠤ᠂ ᠨᠢᠭᠲᠠ ᠴᠢᠩᠭ᠎ᠠ ᠰᠡᠷᠭᠡᠶᠢᠯᠡᠨ ᠡᠵᠡᠮᠳᠡᠵᠦ᠂ ᠣᠨᠣᠴᠠᠲᠠᠶ ᠪᠠᠷ ᠬᠠᠮᠢᠶᠠᠷᠤᠨ ᠡᠵᠡᠮᠳᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号