ᠠᠷᠪᠠᠨ ᠲᠠᠪᠤᠳᠤᠭᠠᠷ ᠬᠤᠭᠤᠴᠠᠭᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/23
    11 ᠰᠠᠷ᠎ᠠ ᠶᠢᠨ 22 ᠤᠨ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠢᠦᠶ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠶᠢᠨ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠥᠬᠦ ᠪᠦᠷᠢᠯᠳᠦᠬᠦᠨ᠂ ᠬᠤᠰᠢᠭᠤ ᠶᠢᠨ ᠨᠠᠮ ᠤᠨ ᠬᠤᠷᠢᠶᠠᠨ ᠤ ᠡᠯ᠎ᠡ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠯᠪᠣᠭᠠᠴᠢᠨ ᠬᠤᠷᠠᠯ ᠳᠤ ᠣᠷᠣᠯᠴᠠᠪᠠ᠃    ᠲᠣᠰ ᠤᠳᠠᠭᠠᠨ ᠤ ᠴᠠᠭᠳᠠᠨ ᠪᠠᠶᠢᠴᠠᠭᠠᠯᠲᠠ ᠪᠣᠯ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠶᠢᠨ ᠨᠠᠮ ᠤᠨ ᠬᠤᠷᠢᠶᠠᠨ ᠤ ᠠᠩᠬᠠᠨ ᠤ ᠡᠭᠡᠯᠵᠢ ᠶᠢᠨ ᠴᠠᠭᠳᠠᠨ ᠪᠠᠶᠢᠴᠠᠭᠠᠯᠲᠠ ᠪᠣᠯᠤᠨ᠎ᠠ᠂ ︽ᠡᠬᠢᠯᠡᠯᠲᠡ ᠪᠣᠯ ᠳᠠᠷᠤᠶ ᠰᠢᠢᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠪᠣᠯ ᠳᠠᠷᠤᠶ ᠰᠢᠪᠲᠤᠯᠤᠯᠲᠠ ᠮᠥᠨ︾ ᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ  ᠶᠢᠨ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢᠨ ᠲᠥᠯᠥᠭᠡ᠂ ᠵᠣᠣ ᠢᠦᠶ ᠯᠢᠶᠠᠩ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠶᠠᠪᠤᠴᠠ ᠳᠤ ᠤᠯᠤᠰ ᠲᠦᠷᠦ ᠶᠢᠨ ᠵᠦᠷᠢᠶ᠎ᠡ ᠶᠢ ᠡᠷᠢᠵᠦ᠂ ᠤᠯᠤᠰ ᠲᠦᠷᠦ ᠶᠢᠨ ᠬᠡᠯᠪᠡᠷᠢᠯ ᠢ ᠵᠠᠯᠠᠷᠠᠭᠤᠯᠵᠤ᠂ ᠲᠣᠭᠤᠷᠢᠨ ᠪᠠᠶᠢᠴᠠᠭᠠᠯᠲᠠ ᠶᠢᠨ ᠰᠦᠷᠳᠡᠭᠦᠯᠬᠦ᠂ ᠬᠤᠷᠢᠭᠯᠠᠬᠤ ᠪᠠ ᠦᠨᠳᠦᠰᠦ ᠠᠴᠠ ᠨᠢ ᠵᠠᠰᠠᠬᠤ ᠴᠢᠳᠠᠮᠵᠢ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠴᠠᠭᠳᠠᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠶᠢᠨ ᠨᠠᠮ ᠤᠨ ᠬᠤᠷᠢᠶᠠᠨ ᠤ ᠠᠩᠬᠠᠨ ᠤ ᠡᠭᠡᠯᠵᠢ ᠶᠢᠨ ᠴᠠᠭᠳᠠᠨ ᠪᠠᠶᠢᠴᠠᠭᠠᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃    ᠬᠤᠷᠠᠯ ᠳᠡᠭᠡᠷ᠎ᠡ᠂ ︽ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠶᠢᠨ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠴᠠ ᠡᠷᠬᠡ ᠣᠯᠭᠤᠬᠤ ᠵᠢᠴᠢ ᠡᠭᠦᠷᠭᠡ ᠬᠤᠪᠢᠶᠠᠷᠢᠯᠠᠬᠤ ᠲᠣᠭᠲᠠᠭᠠᠯ︾ ᠢ ᠤᠩᠰᠢᠨ ᠨᠡᠶᠢᠲᠡᠯᠡᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠡᠷᠬᠡ ᠣᠯᠭᠤᠵᠤ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢᠨ ᠬᠤᠪᠢᠶᠠᠷᠢᠯᠠᠯ ᠢ ᠲᠣᠳᠣᠷᠬᠠᠶᠢᠯᠠᠪᠠ᠃    ᠣᠶᠢᠯᠠᠭᠠᠭᠰᠠᠨ ᠢᠶᠠᠷ᠂ ᠬᠤᠰᠢᠭᠤᠨ ᠤ ᠨᠠᠮ ᠤᠨ ᠬᠤᠷᠢᠶᠠᠨ ᠤ ᠵᠥᠪᠰᠢᠶᠡᠷᠡᠯ ᠢᠶᠠᠷ᠂ ᠲᠣᠰ ᠡᠭᠡᠯᠵᠢ ᠳᠤ 3 ᠲᠣᠭᠤᠷᠢᠨ ᠪᠠᠶᠢᠴᠠᠭᠠᠬᠤ ᠳᠤᠭᠤᠶᠢᠯᠠᠩ ᠳᠤ ᠡᠷᠬᠡ ᠣᠯᠭᠤᠵᠤ᠂ ᠡᠩ ᠤᠨ ᠲᠣᠭᠤᠷᠢᠨ ᠪᠠᠶᠢᠴᠠᠭᠠᠬᠤ᠂ ᠰᠣᠯᠪᠢᠴᠠᠨ ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠰᠢᠭᠤᠨ ᠤ ᠡᠪᠯᠡᠯ ᠤᠨ ᠬᠤᠷᠢᠶ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ 4 ᠨᠠᠮ ᠤᠨ ᠵᠣᠬᠢᠶᠠᠨ ᠪᠠᠶᠢᠭᠤᠯᠤᠯᠲᠠ ᠳᠤ ᠡᠩ ᠤᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠨᠡᠲᠦᠭᠡᠷ ᠪᠠᠯᠭᠠᠰᠤᠨ ᠤ ᠠᠮᠤ ᠪᠤᠳᠠᠭᠠᠨ ᠤ ᠬᠥᠮᠥᠷᠭᠡ ᠶᠢᠨ ᠬᠢᠵᠠᠭᠠᠷᠲᠤ ᠺᠣᠮᠫᠠᠨᠢ ᠶᠢᠨ ᠠᠮᠤ ᠪᠤᠳᠠᠭᠠᠨ ᠳᠤ ᠬᠤᠯᠪᠣᠭᠳᠠᠭᠰᠠᠨ ᠠᠰᠠᠭᠤᠳᠠᠯ ᠳᠤ ᠲᠤᠰᠬᠠᠶ ᠲᠣᠭᠤᠷᠢᠨ ᠪᠠᠶᠢᠴᠠᠭᠠᠯᠲᠠ ᠬᠢᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号