ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ᠱᠠᠯᠠᠪᠳᠠᠭᠤᠯᠤᠨ ᠪᠠᠶᠢᠴᠠᠭᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2021/11/24
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠬᠠᠯᠳᠠᠪᠤᠷᠢᠯᠠᠨ ᠳᠡᠯᠭᠡᠷᠡᠬᠦ ᠶᠢ ᠬᠤᠷᠢᠭᠯᠠᠬᠤ ᠶᠢᠨ ᠲᠥᠯᠥᠭᠡ᠂ 11 ᠰᠠᠷ᠎ᠠ ᠶᠢᠨ 18 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠪᠦᠷᠢᠯᠳᠦᠭᠰᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤᠷᠠᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠱᠠᠯᠠᠪᠳᠠᠭᠤᠯᠤᠨ ᠪᠠᠶᠢᠴᠠᠭᠠᠪᠠ᠃    ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ︽ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠬᠦ︾ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠭᠤᠷᠪᠠᠨ ᠳᠤᠭᠤᠶᠢᠯᠠᠩ ᠬᠤᠪᠢᠶᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠲᠣᠭᠤᠷᠢᠭ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ ᠲᠦᠷᠭᠡᠨ ᠬᠦᠷᠭᠡᠯᠲᠡ᠂ ᠬᠤᠳᠠᠯᠳᠤᠭᠠᠨ ᠤ ᠬᠡᠲᠦ ᠳᠡᠯᠭᠡᠭᠦᠷ᠂ ᠬᠤᠭᠤᠯᠠᠨ ᠬᠡᠷ ᠵᠡᠷᠭᠡ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠦᠷᠢᠶ᠎ᠡ ᠴᠠᠷᠠᠭ᠎ᠠ ᠵᠢᠴᠢ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠪᠥᠬᠦ ᠲᠠᠯ᠎ᠠ ᠪᠠᠷ ᠰᠢᠮᠳᠠᠭᠤᠯᠤᠨ ᠪᠠᠶᠢᠴᠠᠭᠠᠯᠲᠠ ᠬᠢᠵᠦ᠂ ᠺᠣᠳ᠋ ᠰᠢᠷᠪᠢᠵᠦ ᠳᠡᠩᠰᠡᠯᠡᠨ ᠲᠡᠮᠳᠡᠭᠯᠡᠬᠦ᠂ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠪᠣᠳᠠᠲᠠᠶ ᠬᠡᠷᠡᠭᠵᠢᠭᠦᠯᠦᠭᠰᠡᠨ ᠡᠰᠡᠬᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠭᠦᠢᠴᠡᠳ ᠪᠠᠶᠢᠬᠤ ᠡᠰᠡᠬᠦ᠂ ᠭᠡᠨᠡᠳᠲᠡ ᠶᠢᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠨᠢ ᠪᠦᠷᠢᠨ ᠲᠡᠭᠦᠯᠳᠡᠷ ᠪᠠᠶᠢᠬᠤ ᠡᠰᠡᠬᠦ᠂ ︽ᠨᠢᠭᠡ ᠮᠧᠲᠷ ᠤᠨ ᠱᠤᠭᠤᠮ︾ ᠤᠨ ᠱᠠᠭᠠᠷᠳᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠤᠰᠠᠭᠠᠷᠯᠠᠬᠤ ᠵᠠᠶ ᠭᠠᠷᠭᠠᠭᠰᠠᠨ ᠨᠢ ᠵᠢᠷᠤᠮᠵᠢᠯ ᠥᠬᠡᠶ᠂ ᠠᠷᠢᠭᠤᠳᠬᠠᠬᠤ ᠡᠬᠡ ᠲᠠᠩᠰᠠ ᠶᠢ ᠴᠠᠭ ᠲᠤᠬᠠᠶ ᠳᠤᠨᠢ ᠳᠡᠩᠰᠡᠯᠡᠵᠦ ᠳᠡᠶᠢᠯᠦᠭᠰᠡᠨ ᠥᠬᠡᠶ ᠵᠡᠷᠭᠡ ᠠᠰᠠᠭᠤᠳᠠᠯ ᠢ ᠣᠯᠵᠤ ᠮᠡᠳᠡᠪᠡᠯ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠰᠠᠨᠠᠯ ᠳᠤᠷᠠᠳᠴᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠱᠠᠭᠠᠷᠳᠠᠪᠠ᠃ ᠬᠦᠨᠳᠦ ᠨᠣᠴᠢᠲᠠᠶ ᠠᠰᠠᠭᠤᠳᠠᠯ ᠣᠷᠣᠰᠢᠵᠤ ᠪᠠᠶᠢᠭ᠎ᠠ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠢ ᠨᠢ ᠵᠠᠷᠯᠢᠭᠳᠠᠨ ᠵᠣᠭᠰᠣᠭᠠᠵᠤ᠂ ᠱᠠᠯᠠᠪᠳᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ᠡᠯ᠎ᠡ ᠭᠤᠭᠴᠤᠭ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠦᠷᠢᠯᠳᠦᠭᠦᠯᠵᠦ᠂ ᠣᠷᠣᠵᠤ ᠢᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号