ᠵᠢᠷᠦᠭᠡᠨ ᠪᠠᠯᠭᠠᠰᠤᠨ ᠤ ᠬᠤᠩ ᠰᠢᠨ ᠲᠣᠰᠬᠤᠨ ︽ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠳᠤ ᠲᠣᠳᠣᠷᠠᠪᠠ
ᠨᠡᠶᠢᠲᠡᠯᠡᠭᠰᠡᠨ ᠴᠠᠭ᠄
2021/11/5
    ᠣᠶᠢᠷ᠎ᠠ ᠳᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠠᠯᠪᠠᠨ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢᠨ ᠨᠡᠷᠡᠰ ᠢ ᠨᠡᠶᠢᠲᠡᠯᠡᠵᠦ᠂ ᠨᠡᠶᠢᠲᠡ 100 ᠰᠢᠶᠠᠩ ᠪᠠᠯᠭᠠᠰᠤ ︽ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤ︾ ᠳᠤ ᠰᠣᠩᠭᠤᠭᠳᠠᠵᠤ᠂ 994 ᠲᠣᠰᠬᠤᠨ ︵ᠭᠠᠴᠠᠭ᠎ᠠ︶ ︽ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠳᠤ ᠰᠣᠩᠭᠤᠭᠳᠠᠵᠠᠶ᠃ ᠡᠭᠦᠨ ᠳᠤ᠂ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ︽ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠤ ᠨᠡᠷᠡᠰ ᠤᠨ ᠵᠢᠭᠰᠠᠭᠠᠯᠲᠠ ᠳᠤ ᠲᠣᠳᠣᠷᠠᠪᠠ᠃    ᠣᠷᠴᠢᠮ ᠤᠨ ᠵᠢᠯ᠂ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠬᠥᠳᠡᠭᠡ ᠲᠣᠰᠬᠤᠨ ᠤ ᠵᠠᠰᠠᠯᠲᠠ ᠳᠤᠮᠳᠠ ᠢᠮᠠᠭᠲᠠ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠤ ᠪᠠᠶᠢᠭᠤᠯᠤᠯᠲᠠ ᠪᠠᠷ ᠲᠦᠰᠢᠭ ᠪᠣᠯᠭᠠᠬᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠪᠠ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ᠬᠥᠳᠡᠭᠡ ᠲᠣᠰᠬᠤᠨ ᠤ ᠣᠯᠠᠨ ᠨᠡᠶᠢᠲᠡ ᠶᠢᠨ ᠣᠷᠣᠨ ᠵᠠᠶ ᠶᠢᠨ ᠵᠠᠰᠠᠯᠲᠠ ᠶᠢ ᠲᠠᠰᠤᠷᠠᠯᠲᠠ ᠥᠬᠡᠶ ᠠᠬᠢᠭᠤᠯᠬᠤ ᠪᠠᠷ ᠳᠠᠮᠵᠢᠭᠤᠯᠤᠨ᠂ ᠲᠠᠷᠢᠶᠠᠯᠠᠩ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠠᠢ᠂ ᠲᠣᠰᠬᠤᠨ ᠤ ᠱᠠᠲᠤᠨ ᠤ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠨᠤᠲᠤᠭ ᠤᠨ ᠰᠤᠷᠲᠠᠯ ᠤᠨ ᠪᠣᠯᠪᠠᠰᠤᠨ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨ᠎ᠡ ᠶᠢ ᠡᠭᠦᠳᠦᠨ᠂ ᠦᠨᠳᠦᠰᠦᠨ ᠱᠠᠲᠤᠨ ᠤ ᠵᠢᠵᠢᠭ ᠪᠢᠴᠢᠯ ᠡᠷᠬᠡ ᠶᠢᠨ ᠢᠯᠵᠠᠷᠠᠯ ᠢ ᠵᠠᠯᠬᠠᠭᠠᠨ ᠰᠢᠳᠬᠡᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠥᠪᠡᠷᠲᠡᠭᠡᠨ ᠵᠠᠰᠠᠬᠤ ᠶᠢ ᠲᠡᠭᠦᠯᠳᠡᠷᠵᠢᠭᠦᠯᠬᠦ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠪᠡ᠂ ᠲᠣᠰᠬᠤᠨ ᠤ ᠳᠦᠷᠢ ᠲᠥᠷᠬᠦ ᠴᠡᠪᠡᠷ ᠲᠡᠭᠰᠢ᠂ ᠣᠷᠣᠰᠢᠨ ᠰᠠᠭᠤᠬᠤ ᠣᠷᠴᠢᠨ ᠲᠣᠭᠤᠷᠢᠨ ᠲᠠᠭᠠᠯᠠᠮᠵᠢᠲᠠᠶ᠂ ᠠᠷᠠᠳ ᠢᠷᠭᠡᠳ ᠬᠠᠨᠤᠮᠵᠢᠲᠠᠶ ᠰᠠᠶᠢᠨ ᠰᠠᠶᠢᠬᠠᠨ ᠪᠠᠶᠢᠳᠠᠯ ᠢᠯᠡᠷᠡᠵᠡᠢ᠃    ᠲᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢᠨ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠳ᠋ᠦᠩᠨᠡᠵᠦ᠂ ᠰᠤᠷᠤᠯᠴᠠᠨ ᠰᠣᠯᠢᠯᠴᠠᠬᠤ ᠠᠵᠢᠯᠯᠠᠭ᠎ᠠ ᠶᠢ ᠥᠷᠭᠡᠨ ᠢᠶᠠᠷ ᠵᠣᠬᠢᠶᠠᠨ ᠪᠠᠶᠢᠭᠤᠯᠵᠤ ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢᠨ ᠨᠥᠯᠥᠭᠡᠯᠡᠨ ᠳᠠᠶᠢᠴᠢᠯᠠᠬᠤ ᠤᠶᠢᠯᠡᠳᠦᠯ ᠢ ᠭᠦᠢᠴᠡᠳ ᠪᠠᠳᠠᠷᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠬᠥᠳᠡᠭᠡ ᠲᠣᠰᠬᠤᠨ ᠤ ᠵᠠᠰᠠᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号