ᠰᠦᠨ ᠱᠤ᠋ ᠲᠤᠤ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/5
     11 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠬᠢᠩᠭᠠᠨ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠷᠠᠭᠠᠨ ᠳᠠᠪᠲᠠᠮᠵᠢ ᠶᠢᠨ ᠲᠣᠬᠢᠷᠠᠭᠤᠯᠤᠯᠲᠠ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠷᠠᠭᠠᠨ ᠳᠠᠪᠲᠠᠮᠵᠢ ᠶᠢᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠴᠢᠬᠤᠯᠠᠴᠢᠯᠠᠵᠤ᠂ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ ᠬᠤᠰᠢᠭᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ᠂ ᠬᠤᠷᠴᠢᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠯᠧᠢ᠂ ᠬᠤᠰᠢᠭᠤ ᠶᠢᠨ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠹᠠᠩ ᠢᠦᠶ ᠼᠦᠨ᠂ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠠᠩ ᠤᠯᠠᠭᠠᠨ᠂ ᠯᠢ ᠬᠠᠶ ᠪᠥᠸᠧ ᠬᠤᠷᠠᠯ ᠳᠤ ᠣᠷᠣᠯᠴᠠᠪᠠ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠰᠦᠨ ᠱᠤ᠋ ᠲᠤᠤ᠂ ᠣᠳᠣᠬᠠᠨ ᠳᠤ᠂ ᠪᠥᠬᠦ ᠤᠯᠤᠰ ᠤᠨ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠴᠢᠩᠭᠠᠳᠬᠠᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠲᠥᠰᠦᠯ ᠢᠶᠠᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ᠃ ᠰᠦᠨ ᠱᠤ᠋ ᠲᠤᠤ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢ ᠴᠠᠭ ᠲᠤᠬᠠᠶ ᠳᠤᠨᠢ ᠳᠠᠭᠠᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠪᠠᠨ ᠴᠢᠩᠭᠠᠳᠬᠠᠵᠤ᠂ ᠲᠠᠷᠢᠯᠭ᠎ᠠ ᠬᠢᠬᠦ ᠪᠠ ᠰᠤᠷᠬᠤ ᠨᠠᠰᠤᠨ ᠤ ᠬᠡᠦᠬᠡᠳ ᠤᠨ ᠸᠠᠺᠼᠢᠨ ᠤ ᠲᠠᠷᠢᠯᠭ᠎ᠠ ᠬᠢᠬᠦ ᠪᠠ ᠤᠬᠠᠭᠤᠯᠤᠨ ᠳᠠᠶᠢᠴᠢᠯᠠᠬᠤ ᠶᠢ ᠢᠳᠡᠪᠬᠢᠲᠡᠶ ᠠᠬᠢᠭᠤᠯᠵᠤ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠪᠡᠯᠡᠳᠬᠡᠯ ᠠᠵᠢᠯ ᠢ ᠰᠠᠶᠢᠲᠤᠷ ᠬᠢᠵᠦ᠂ ᠰᠠᠨᠠᠭᠠᠴᠢᠯᠠᠭ᠎ᠠ ᠥᠬᠡᠶ ᠪᠠᠶᠢᠳᠠᠯ ᠳᠤ ᠣᠷᠣᠬᠤ ᠠᠴᠠ ᠵᠠᠶᠢᠯᠠᠰᠬᠢᠬᠦ ᠬᠡᠷᠡᠭᠲᠡᠶ᠃ ᠬᠡᠲᠦ ᠳᠡᠯᠭᠡᠭᠦᠷ᠂ ᠬᠤᠭᠤᠯᠠᠨ ᠬᠡᠷ᠂ ᠡᠮ ᠤᠨ ᠳᠡᠯᠭᠡᠭᠦᠷ᠂ ᠲᠣᠰᠣ ᠨᠡᠮᠡᠬᠦ ᠥᠷᠲᠡᠭᠡ ᠵᠡᠷᠭᠡ ᠬᠥᠮᠦᠨ ᠠᠮᠠ ᠶᠢᠨ ᠨᠡᠭᠦᠳᠡᠯ ᠴᠢᠨᠠᠷ ᠢᠶᠠᠷ ᠨᠡᠯᠢᠶᠡᠳ ᠶᠡᠭᠡ ᠭᠤᠤᠯᠳᠠᠯᠭ᠎ᠠ ᠲᠠᠢ ᠣᠷᠣᠨ ᠪᠦᠰᠡ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠺᠣᠳ᠋ ᠰᠢᠷᠪᠢᠬᠦ᠂ ᠳᠡᠩᠰᠡᠯᠡᠨ ᠲᠡᠮᠳᠡᠭᠯᠡᠬᠦ᠂ ᠳᠤᠯᠠᠭᠠᠨ ᠢ ᠬᠡᠮᠵᠢᠬᠦ ᠵᠡᠷᠭᠡ ᠬᠡᠪᠰᠢᠭᠦᠯᠦᠭᠰᠡᠨ ᠠᠷᠭ᠎ᠠ ᠬᠡᠮᠵᠢᠶ᠎ᠡ ᠶᠢ ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠰᠦᠨ ᠱᠤ᠋ ᠲᠤᠤ᠂ ᠪᠦᠬᠦ ᠬᠤᠰᠢᠭᠤ ᠪᠠᠷ ᠢᠶᠠᠨ ᠺᠠᠳ᠋ᠷ ᠢ ᠳᠠᠭᠠᠭᠠᠴᠢᠯᠠᠨ ᠬᠤᠯᠪᠣᠭᠠᠯᠠᠬᠤ᠂ ᠤᠯᠠᠨ ᠲᠦᠮᠡᠨ ᠢ ᠳᠠᠶᠢᠴᠢᠯᠠᠬᠤ᠂ ᠪᠦᠬᠦ ᠭᠡᠰᠢᠭᠦᠳ ᠢ ᠳᠠᠶᠢᠴᠢᠯᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠠᠭᠤᠷ ᠠᠮᠢᠰᠬᠤᠯ ᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃    ᠸᠠᠩ ᠯᠢ ᠳ᠋ᠦᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠠᠷᠢᠭᠤᠳᠬᠠᠬᠤ ᠰᠠᠯᠬᠢ ᠨᠡᠪᠲᠡᠷᠡᠭᠦᠯᠬᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ᠂ ︽ᠨᠢᠭᠡ ᠮᠧᠲᠷ ᠤᠨ ᠱᠤᠭᠤᠮ︾ ᠢ ᠪᠠᠲᠤᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠩᠭ᠎ᠠ ᠬᠢᠨᠠᠯᠲᠠ ᠲᠠᠯᠪᠢᠵᠤ᠂ ᠭᠠᠳᠠᠷ ᠣᠷᠣᠨ ᠠᠴᠠ ᠬᠤᠰᠢᠭᠤᠨ ᠳᠤ ᠣᠷᠣᠵᠤ ᠢᠷᠡᠭᠰᠡᠨ ᠲᠡᠭᠡᠭᠡᠪᠦᠷᠢ ᠶᠢᠨ ᠲᠡᠷᠭᠡ ᠬᠥᠰᠬᠡ᠂ ᠭᠤᠤᠯᠳᠠᠯᠭ᠎ᠠ ᠲᠠᠢ ᠬᠥᠮᠦᠰ ᠤᠨ ᠪᠡᠶ᠎ᠡ ᠶᠢᠨ ᠳᠤᠯᠠᠭᠠᠨ ᠢ ᠲᠡᠮᠳᠡᠭᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠩᠭᠠᠨ ᠳᠡᠭᠡᠳᠦ ᠰᠤᠷᠭᠠᠭᠤᠯᠢ ᠵᠡᠷᠭᠡ ᠪᠦᠬᠦ ᠬᠤᠰᠢᠭᠤᠨ ᠤ ᠬᠡᠪᠴᠢᠶᠡᠨ ᠳᠠᠬᠢ ᠡᠯ᠎ᠡ ᠰᠤᠷᠭᠠᠭᠤᠯᠢ ᠵᠢᠴᠢ ᠡᠷᠭᠢᠨ ᠲᠣᠭᠤᠷᠢᠨ ᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠡᠮᠨᠡᠯᠭᠡ ᠶᠢᠨ ᠬᠤᠷᠢᠶ᠎ᠠ᠂ ᠲᠣᠭᠲᠠᠭᠰᠠᠨ ᠴᠡᠭ ᠤᠨ ᠲᠤᠰᠠᠭᠠᠷᠯᠠᠬᠤ ᠴᠡᠭ᠂ ᠬᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠰ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠷᠢᠭᠤᠳᠬᠠᠨ ᠴᠡᠪᠡᠷᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ ᠸᠠᠩ ᠯᠢ ᠳ᠋ᠦᠩ ᠪᠠᠰᠠ ᠪᠤᠰᠤᠳ ᠭᠤᠤᠯᠳᠠᠯᠭ᠎ᠠ ᠲᠠᠢ ᠰᠠᠯᠠᠭ᠎ᠠ ᠮᠥᠴᠢᠷ᠂ ᠭᠤᠤᠯᠳᠠᠯᠭ᠎ᠠ ᠲᠠᠢ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠬᠤᠯᠠᠴᠢᠯᠠᠨ ᠪᠠᠶᠢᠷᠢᠯᠠᠭᠤᠯᠪᠠ᠃    ᠬᠤᠷᠠᠯ ᠳᠡᠭᠡᠷ᠎ᠡ᠂ ᠶᠠᠩ ᠤᠯᠠᠭᠠᠨ ︽1 + 8 + N︾ ᠰᠡᠷᠭᠡᠶᠢᠯᠡᠨ ᠡᠵᠡᠮᠳᠡᠬᠦ ᠰᠢᠰᠲ᠋ᠧᠮ᠂ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠶᠢ ᠰᠢᠢᠳᠪᠦᠷᠢᠯᠡᠬᠦ ᠶᠠᠪᠤᠴᠠ ᠶᠢ ᠳᠠᠭᠤᠷᠢᠶᠠᠬᠤ ᠵᠡᠷᠭᠡ ᠲᠠᠯ᠎ᠠ ᠪᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠤᠬᠠᠶ ᠨᠠᠷᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号