ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠠᠪᠢᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/5
    11 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠠᠪᠢᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ᠂ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ‌‍ᠲ᠋ᠡᠳ᠋ ᠳᠠᠷᠤᠭ᠎ᠠ ᠯᠢᠦ ᠬᠠᠶ ᠲᠤᠤ᠂ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠠᠩ ᠯᠸᠢ ᠵᠢᠴᠢ ᠬᠤᠰᠢᠭᠤᠨ ᠤ ᠤᠳᠤᠷᠢᠳᠤᠯᠭ᠎ᠠ ᠹᠠᠩ ᠢᠦᠶ ᠼᠦᠨ᠂ ᠶᠠᠩ ᠤᠯᠠᠭᠠᠨ᠂ ᠴᠧᠨ ᠭᠦᠸᠧ ᠴᠢᠩ᠂ ᠸᠠᠩ ᡁᠢ ᠪᠢᠶᠤᠤ᠂ ᠯᠢ ᠬᠠᠶ ᠪᠥᠸᠧ ᠬᠤᠷᠠᠯ ᠳᠤ ᠣᠷᠣᠯᠴᠠᠪᠠ᠃ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠶᠦᠨ ᠬᠤᠢ ᠢᠯᠴᠢ ᠶᠢᠨ ᠬᠦᠴᠦᠨ ᠤ ᠺᠣᠮᠫᠠᠨᠢ ᠳᠤ ᠨᠠᠶᠢᠳᠠᠵᠤ ᠨᠡᠭᠦᠷᠡᠰᠦ ᠬᠤᠳᠠᠯᠳᠤᠨ ᠠᠪᠬᠤ ᠤᠴᠢᠷ ᠶᠠᠪᠤᠳᠠᠯ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠦᠷᠭᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠫᠠᠶᠢᠰᠠ ᠪᠠ ᠳᠠᠭᠠᠭᠠᠴᠠ ᠶᠢ ᠬᠢᠵᠠᠭᠠᠷᠯᠠᠬᠤ ᠲᠡᠮᠳᠡᠭᠲᠦ ᠫᠠᠶᠢᠰᠠ ᠶᠢᠨ ᠪᠡᠯᠡ ᠮᠥᠩᠭᠦ ᠰᠠᠯᠭᠠᠨ ᠥᠭᠬᠦ ᠤᠴᠢᠷ ᠶᠠᠪᠤᠳᠠᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮᠲᠦ ᠬᠤᠪᠴᠠᠰᠤ ᠪᠠ ᠲᠡᠮᠳᠡᠭᠲᠦ ᠲᠠᠷᠬᠠᠭᠠᠬᠤ ᠤᠴᠢᠷ ᠶᠠᠪᠤᠳᠠᠯ᠂ ︽ᠬᠢᠩᠭᠠᠨ ᠠᠶᠢᠮᠠᠭ ᠤᠨ 500 ᠭᠠᠵᠠᠷ  ᠤᠨ ᠠᠶᠠᠯᠠᠯ ᠵᠤᠭᠠᠴᠠᠯ︾ ᠰᠣᠶᠣᠯ ᠵᠢᠭᠤᠯᠴᠢᠯᠠᠯ ᠤᠨ ᠤᠷᠳᠤ ᠬᠤᠩᠬᠢᠯ ᠤᠨ ᠲᠥᠯᠥᠪᠵᠢᠭᠦᠯᠭᠡ ᠶᠢᠨ ᠭᠡᠷ᠎ᠡ ᠶᠢᠨ ᠤᠴᠢᠷ ᠶᠠᠪᠤᠳᠠᠯ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠷᠭᠡ ᠬᠥᠰᠬᠡ ᠬᠤᠳᠠᠯᠳᠤᠨ ᠠᠪᠬᠤ ᠤᠴᠢᠷ ᠶᠠᠪᠤᠳᠠᠯ ᠵᠡᠷᠭᠡ 9 ᠵᠥᠪᠯᠡᠬᠦ ᠰᠡᠳᠦᠪ ᠢ ᠰᠤᠳᠤᠯᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠡᠯ᠎ᠡ ᠵᠦᠢᠯ ᠤᠨ ᠬᠤᠷᠠᠯ ᠤᠨ ᠵᠥᠪᠯᠡᠬᠦ ᠰᠡᠳᠦᠪ ᠤᠨ ᠲᠤᠬᠠᠶ ᠲᠣᠰ ᠲᠣᠰ ᠰᠣᠯᠢᠯᠴᠠᠨ ᠶᠠᠷᠢᠯᠴᠠᠪᠠ᠃     ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠴᠢᠨᠠᠷ ᠰᠠᠶᠢᠲᠠᠶ᠂ ᠬᠡᠷᠡᠭᠯᠡᠭᠡᠨ ᠤ ᠴᠢᠨᠠᠷᠲᠠᠶ ᠪᠠᠷᠢᠮᠵᠢᠶ᠎ᠠ ᠶᠣᠰᠣᠭᠠᠷ᠂ ︽ᠬᠢᠩᠭᠠᠨ ᠠᠶᠢᠮᠠᠭ ᠤᠨ 500 ᠭᠠᠵᠠᠷ ᠤᠨ ᠠᠶᠠᠯᠠᠯ ᠵᠤᠭᠠᠴᠠᠯ︾ ᠰᠣᠶᠣᠯ ᠵᠢᠭᠤᠯᠴᠢᠯᠠᠯ ᠤᠨ ᠬᠤᠩᠭᠢᠯ ᠤᠨ ᠲᠥᠯᠥᠪᠵᠢᠭᠦᠯᠭᠡ ᠶᠢᠨ ᠭᠡᠷ᠎ᠡ ᠶᠢ ᠵᠢᠷᠤᠮᠵᠢᠭᠤᠯᠤᠨ ᠨᠠᠶᠢᠷᠠᠭᠤᠯᠤᠨ ᠵᠣᠬᠢᠶᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠣᠨᠴᠠᠯᠢᠭᠲᠤ ᠪᠦᠲᠦᠭᠡᠭᠳᠡᠬᠦᠨ ᠢ ᠪᠠᠶᠠᠯᠢᠭᠵᠢᠭᠤᠯᠬᠤ ᠬᠡᠷᠡᠭᠲᠡᠶ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮᠲᠦ ᠬᠤᠪᠴᠠᠰᠤ ᠪᠠ ᠲᠡᠮᠳᠡᠭ ᠢ ᠬᠤᠳᠠᠯᠳᠤᠨ ᠠᠪᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠤᠳᠠᠯᠳᠤᠨ ᠠᠪᠴᠤ᠂ ᠵᠢᠷᠤᠮᠵᠢᠯ ᠲᠠᠢ ᠪᠠᠷ ᠡᠮᠦᠰᠴᠦ᠂ ᠰᠠᠶᠢᠨ ᠰᠠᠶᠢᠬᠠᠨ ᠬᠠᠤᠯᠢ ᠬᠡᠷᠡᠭᠵᠢᠭᠦᠯᠬᠦ ᠡᠩᠨᠡᠭᠡ ᠶᠢᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠶ᠃ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠢ ᠪᠠᠷᠢᠯᠭ᠎ᠠ ᠪᠠᠷᠢᠬᠤ ᠶᠢ ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠤᠲᠠ ᠶᠢᠨ ᠴᠢᠳᠠᠪᠬᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠪᠦᠬᠦ ᠬᠤᠰᠢᠭᠤᠨ ᠤ ᠳᠤᠯᠠᠭᠠᠯᠠᠭ᠎ᠠ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ ᠂ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠬᠡᠷᠡᠭᠴᠡᠭᠡ ᠶᠢ ᠬᠠᠩᠭᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号