ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠪᠣᠯᠪᠠᠰᠤᠷᠠᠭᠤᠯᠤᠯ ᠡᠷᠭᠢᠯᠡᠪᠡ
ᠨᠡᠶᠢᠲᠡᠯᠡᠭᠰᠡᠨ ᠴᠠᠭ᠄
2021/12/11
   
    12 ᠰᠠᠷ᠎ᠠ ᠶᠢᠨ 9 ᠤ ᠡᠳᠦᠷ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠬᠤᠰᠢᠭᠤᠨ ᠤ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠲᠣᠪᠴᠢᠶ᠎ᠠ ᠶᠢᠨ ᠠᠵᠢᠯᠲᠠᠨ ᠢ ᠤᠷᠢᠵᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠲᠤᠰᠬᠠᠶ ᠳᠤᠭᠤᠶᠢᠯᠠᠩ ᠤᠨ ᠬᠤᠯᠪᠣᠭᠠᠴᠢᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠤᠴᠠ ᠶᠢ ᠬᠠᠮᠠᠭᠠᠯᠠᠬᠤ ᠠᠵᠢᠯ ᠤᠨ ᠲᠠᠯ᠎ᠠ ᠪᠠᠷ ᠪᠣᠯᠪᠠᠰᠤᠷᠠᠯ ᠬᠦᠷᠲᠡᠭᠡᠵᠦ᠂ ᠡᠯ᠎ᠡ ᠲᠤᠰᠬᠠᠶ ᠳᠤᠭᠤᠶᠢᠯᠠᠩ ᠤᠨ ᠬᠤᠯᠪᠣᠭᠠᠴᠢᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠬᠢᠴᠢᠶᠡᠯᠯᠡᠵᠦ ᠪᠠᠶᠢᠭ᠎ᠠ ᠪᠠᠭᠰᠢ ᠨᠠᠷ ᠤᠯᠤᠰ ᠤᠨ ᠨᠢᠭᠤᠴᠠ ᠳᠤ ᠵᠥᠪ ᠢᠶᠠᠷ ᠬᠠᠨᠳᠤᠬᠤ᠂ ᠨᠢᠭᠤᠴᠠ ᠶᠢ ᠬᠠᠮᠠᠭᠠᠯᠠᠬᠤ ᠠᠵᠢᠯ ᠤᠨ ᠬᠦᠨᠳᠦ ᠨᠣᠴᠢᠲᠠᠶ ᠪᠠᠶᠢᠳᠠᠯ ᠳᠤ ᠵᠥᠪ ᠢᠶᠠᠷ ᠬᠠᠨᠳᠤᠬᠤ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠰᠠᠬᠢᠬᠤ ᠵᠡᠷᠭᠡ ᠭᠤᠷᠪᠠᠨ ᠲᠠᠯ᠎ᠠ ᠪᠠᠷ ᠣᠨᠣᠯ ᠤᠨ ᠮᠡᠳᠡᠯᠭᠡ ᠶᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号