ᠲᠤᠬᠤᠮ ᠰᠤᠮᠤ᠄ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠢᠯᠡᠳᠲᠡ
ᠨᠡᠶᠢᠲᠡᠯᠡᠭᠰᠡᠨ ᠴᠠᠭ᠄
2021/12/20
     ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠠᠷ᠎ᠠ ᠡᠬᠢᠯᠡᠭᠰᠡᠨ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠬᠤᠮ ᠰᠤᠮᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠬᠤᠭ ᠨᠣᠪᠰᠢ ᠶᠢ ᠴᠡᠪᠡᠷᠯᠡᠬᠦ᠂ ᠬᠦᠷᠢᠶ᠎ᠡ ᠬᠠᠰᠢᠶ᠎ᠠ ᠶᠢ ᠴᠡᠪᠡᠷᠯᠡᠬᠦ᠂ ᠭᠤᠤᠯ ᠰᠤᠪᠠᠭ ᠢ ᠴᠡᠪᠡᠷᠯᠡᠬᠦ᠂ ᠲᠠᠷᠢᠶᠠᠨ ᠭᠠᠵᠠᠷ ᠢ ᠴᠡᠪᠡᠷᠯᠡᠬᠦ᠂ ᠵᠠᠮ ᠢ ᠴᠡᠪᠡᠷᠯᠡᠬᠦ ︽ᠲᠠᠪᠤ ᠶᠢ ᠴᠡᠪᠡᠷᠯᠡᠬᠦ︾ ᠠᠵᠢᠯ ᠢ ᠰᠠᠶᠢᠲᠤᠷ ᠠᠳᠬᠤᠵᠤ᠂ ᠰᠢᠶᠠᠩ ᠲᠣᠰᠬᠤᠨ ᠬᠤᠶᠠᠷ ᠱᠠᠲᠤᠨ ᠤ ᠺᠠᠳ᠋ᠷ ᠢ ᠳᠠᠶᠢᠴᠢᠯᠠᠵᠤ᠂ ᠥᠷᠭᠡᠨ ᠣᠯᠠᠨ ᠲᠦᠮᠡᠨ ᠢ ᠳᠠᠶᠢᠴᠢᠯᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠡᠳᠦᠷ ᠪᠦᠷᠢ ᠴᠡᠪᠡᠷᠯᠡᠬᠦ ᠶᠢ ᠪᠡᠶᠡᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠵᠤ ᠵᠢᠷᠤᠮᠵᠢᠭᠤᠯᠬᠤ ᠶᠢ ᠠᠬᠢᠭᠤᠯᠪᠠ᠃    ᠬᠠᠷ᠎ᠠ ᠥᠷᠯᠥᠭᠡ᠂ ᠲᠤᠬᠤᠮ ᠰᠤᠮᠤ ᠶᠢᠨ ᠠᠳᠠᠯ ᠠᠬᠤᠢ ᠶᠢᠨ ᠺᠣᠮᠫᠠᠨᠢ ᠶᠢᠨ ᠠᠵᠢᠯᠳᠠᠨ ᠲᠦᠷᠪᠡᠨ ᠬᠦᠷᠳᠦᠲᠦ ᠲᠡᠷᠭᠡ᠂ ᠤᠳᠬᠤᠭᠤᠷ ᠲᠡᠷᠭᠡ ᠬᠥᠳᠡᠯᠭᠡᠵᠦ᠂ ᠤᠰᠤᠨ ᠡᠬᠢ ᠭᠠᠴᠠᠭ᠎ᠠ ᠳᠤ ᠬᠦᠷᠴᠦ᠂ ᠵᠠᠮ ᠤᠨ ᠬᠤᠶᠠᠷ ᠲᠠᠯ᠎ᠠ ᠶᠢᠨ ᠡᠪᠡᠰᠦ ᠲᠦᠯᠡᠭᠡ ᠪᠣᠯᠤᠨ ᠮᠠᠯ ᠤᠨ ᠪᠠᠭᠠᠰᠤ ᠰᠢᠭᠡᠰᠦ ᠶᠢ ᠴᠡᠪᠡᠷᠯᠡᠵᠦ᠂ ᠭᠡᠷ ᠤᠨ ᠭᠠᠳᠠᠨᠠᠬᠢ ᠠᠭᠤᠷ ᠠᠮᠢᠰᠬᠤᠯ ᠬᠠᠬᠢᠷ ᠬᠦᠢᠳᠡᠨ ᠪᠠᠶᠢᠭᠰᠠᠨ ᠴᠤ ᠤᠯᠠᠨ ᠢᠶᠠᠷ ᠢᠶᠠᠨ ᠠᠵᠢᠯ ᠬᠢᠬᠦ ᠡᠷᠴᠢ ᠵᠤᠷᠢᠭ ᠬᠦᠷ ᠬᠥᠭᠵᠢᠶᠡᠨ ᠲᠠᠢ ᠪᠠᠶᠢᠯ᠎ᠠ᠃ ᠤᠳᠠᠯ ᠦᠭᠡᠢ᠂ ᠪᠦᠬᠦ᠋ᠢᠯᠡ ᠵᠡᠭᠡᠯᠢ ᠭᠤᠳᠤᠮᠵᠢ ᠴᠡᠪᠡᠷ ᠴᠡᠮᠴᠡᠭᠡᠷ ᠪᠤᠯᠵᠤ᠂ ᠬᠤᠭ ᠨᠣᠪᠰᠢ ᠴᠡᠪᠡᠷᠯᠡᠬᠦ ᠠᠵᠢᠯ ᠦᠷᠬᠦᠯᠵᠢᠯᠡᠭᠰᠡᠭᠡᠷ ᠪᠠᠶᠢᠯ᠎ᠠ᠃ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠤᠮᠳᠠ᠂ ᠲᠤᠬᠤᠮ ᠰᠤᠮᠤᠨ ᠤ ᠬᠢᠨ ᠬᠡᠰᠡᠭ ᠳᠠᠭᠠᠭᠠᠴᠢᠯᠠᠬᠤ ᠳᠦᠷᠢᠮ ᠪᠠ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠷᠦᠬᠡ ᠪᠦᠷᠢ ᠳᠤ ᠭᠠᠴᠠᠭ᠎ᠠ ᠶᠢ ᠳᠠᠭᠠᠭᠠᠴᠢᠯᠠᠭᠰᠠᠨ ᠺᠠᠳ᠋ᠷ ᠪᠠ ᠭᠠᠴᠠᠭᠠᠨ ᠤ ︽ᠬᠤᠶᠠᠷ ᠵᠥᠪᠯᠡᠯ︾ ᠤᠨ ᠲᠤᠰᠬᠠᠢ ᠬᠥᠮᠦᠨ ᠢᠶᠠᠷ ᠬᠠᠷᠢᠭᠤᠴᠠᠭᠤᠯᠵᠤ᠂ ᠰᠤᠮᠤ᠂ ᠭᠠᠴᠠᠭ᠎ᠠ ᠲᠣᠰᠬᠤᠨ ᠤ ᠵᠠᠮ ᠳᠠᠭᠠᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠳᠤᠷ᠎ᠠ ᠪᠠᠷ ᠣᠪᠣᠭᠠᠯᠠᠵᠤ ᠲᠠᠯᠪᠢᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠤᠭ ᠨᠣᠪᠰᠢ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠠᠢ᠃     ᠣᠷᠣᠰᠢᠨ ᠰᠠᠭᠤᠬᠤ ᠣᠷᠴᠢᠨ ᠲᠣᠭᠤᠷᠢᠨ ᠢ ᠪᠠᠶᠢᠩᠭᠤᠵᠢᠭᠤᠯᠤᠨ ᠬᠠᠮᠠᠭᠠᠯᠠᠬᠤ ᠶᠢᠨ ᠬᠠᠮᠲᠤ᠂ ᠲᠤᠬᠤᠮ ᠰᠤᠮᠤᠨ ᠤ ᠬᠢᠨ ᠲᠣᠮᠣ ᠬᠡᠯᠪᠡᠷᠢ ᠶᠢᠨ ᠬᠤᠭ ᠨᠣᠪᠰᠢ ᠪᠤᠯᠠᠬᠤ ᠲᠠᠯᠠᠪᠠᠢ ᠨᠢᠭᠡ᠂ ᠵᠢᠵᠢᠭ ᠬᠡᠯᠪᠡᠷᠢ ᠶᠢᠨ ᠪᠤᠯᠠᠬᠤ ᠭᠠᠵᠠᠷ 45 ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ︽ᠲᠠᠪᠤ ᠶᠢ ᠬᠤᠪᠢᠶᠠᠬᠤ ᠠᠷᠭ᠎ᠠ︾ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠵᠢᠷᠤᠮᠵᠢᠭᠰᠠᠨ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠰᠢᠰᠲ᠋ᠧᠮᠵᠢ ᠶᠢ ᠪᠠᠶᠢᠭᠤᠯᠪᠠ᠃    ᠡᠭᠦᠨ ᠠᠴᠠ ᠭᠠᠳᠠᠨ᠎ᠠ᠂ ᠲᠣᠬᠤᠮ ᠰᠤᠮᠤ ᠪᠠᠰᠠ ᠭᠠᠴᠠᠭ᠎ᠠ ᠨᠢᠭᠡᠪᠦᠷᠢ ᠶᠢᠨ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠡᠳᠦᠷ ᠪᠦᠷᠢ ᠵᠠᠷᠯᠠᠨ ᠮᠡᠳᠡᠭᠳᠡᠵᠦ᠂ ᠭᠠᠷᠠᠭ ᠪᠦᠷᠢ ᠠᠳᠠᠯᠢᠳᠬᠠᠨ ᠰᠢᠯᠭᠠᠷᠠᠭᠤᠯᠬᠤ᠂ ᠬᠤᠪᠢ ᠣᠯᠭᠤᠵᠤ ᠠᠳᠠᠯᠢᠳᠬᠠᠨ ᠰᠢᠯᠭᠠᠷᠠᠭᠤᠯᠬᠤ ᠵᠠᠭᠪᠤᠷ ᠢ ᠬᠡᠷᠡᠭᠵᠢᠭᠦᠯᠵᠦ᠂ ᠰᠤᠮᠤᠨ ᠤ ᠣᠷᠴᠢᠨ ᠲᠣᠭᠤᠷᠢᠨ ᠤ ᠴᠡᠭᠴᠡᠯᠡᠨ ᠵᠠᠰᠠᠬᠤ ᠠᠵᠢᠯ ᠤᠨ ᠪᠠᠶᠢᠩᠭᠤᠵᠢᠭᠰᠠᠨ᠂ ᠳᠦᠷᠢᠮᠵᠢᠭᠰᠡᠨ ᠬᠠᠮᠢᠶᠠᠷᠤᠯᠲᠠ ᠶᠢᠨ ᠵᠠᠭᠪᠤᠷ ᠢ ᠪᠦᠷᠢᠯᠳᠦᠭᠦᠯᠬᠦ ᠶᠢ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠲᠠᠰᠤᠷᠠᠯᠲᠠ ᠥᠬᠡᠶ ᠰᠠᠶᠢᠵᠢᠷᠠᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠣᠳᠣᠬᠠᠨ ᠪᠣᠯᠲᠠᠯ᠎ᠠ᠂ ᠲᠤᠬᠤᠮ ᠰᠤᠮᠤ 460 ᠡᠷᠦᠬᠡ ᠲᠠᠢ ︽ᠡᠭᠦᠳᠡᠨ ᠡᠮᠦᠨᠡᠬᠢ ᠳᠥᠷᠪᠡᠨ ᠳᠠᠭᠠᠭᠠᠴᠢᠯᠠᠯᠲᠠ ︾ ᠶᠢᠨ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠭᠤᠯᠭ᠎ᠠ ᠶᠢᠨ ᠳᠡᠪᠲᠡᠷ ᠢ 2200 ᠬᠤᠪᠢ ᠲᠠᠷᠬᠠᠭᠠᠵᠤ᠂ ᠠᠮᠢᠳᠤᠷᠠᠯ ᠤᠨ ᠬᠤᠭ ᠨᠣᠪᠰᠢ ᠶᠢ 500 ᠲᠣᠨ ᠴᠡᠪᠡᠷᠯᠡᠵᠦ᠂ ᠮᠠᠯ ᠵᠢᠭᠦᠷᠲᠡᠨ ᠲᠡᠵᠢᠭᠡᠨ ᠦᠷᠡᠵᠢᠭᠦᠯᠦᠭᠰᠡᠨ ᠢᠯᠭᠠᠳᠠᠰᠤ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ 900 ᠲᠣᠨ ᠴᠡᠪᠡᠷᠯᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤᠯᠠᠮ ᠨᠢᠭᠡ ᠠᠯᠬᠤᠮ ᠰᠠᠶᠢᠵᠢᠷᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号