ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢ ᠶᠢᠰᠦᠳᠦᠭᠡᠷ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/21
    12 ᠰᠠᠷ᠎ᠠ ᠶᠢᠨ 19 ᠤ ᠡᠳᠦᠷ᠂ ᠬᠤᠰᠢᠭᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢ ᠶᠢᠰᠦᠳᠦᠭᠡᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤᠨ ᠳᠡᠳ᠋ ᠳᠠᠷᠤᠭ᠎ᠠ ᠯᠢᠦ ᠬᠠᠶ ᠲᠤᠤ᠂ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ᠂ ᠬᠤᠷᠴᠢᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠯᠸᠢ ᠬᠤᠷᠠᠯ ᠳᠤ ᠣᠷᠣᠯᠴᠠᠵᠤ᠂ ᠬᠤᠰᠢᠭᠤ ᠶᠢᠨ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠶᠠᠩ ᠤᠯᠠᠭᠠᠨ᠂ ᠴᠧᠨ ᠭᠦᠸᠧ ᠴᠢᠩ᠂ ᠸᠠᠩ ᡁᠢ ᠪᠢᠶᠤᠤ ᠵᠢᠴᠢ ᠬᠤᠰᠢᠭᠤ ᠶᠢᠨ ᠰᠢᠭᠤᠳ ᠬᠠᠷᠢᠶ᠎ᠠ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠷᠪᠠᠨ ᠨᠢᠭᠡᠳᠦᠭᠡᠷ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠠᠷᠪᠠᠳᠤᠭᠠᠷ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠤᠷᠢᠳ ᠬᠤᠵᠢᠳ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠥᠷᠢ ᠲᠦᠯᠦᠬᠦ ᠡᠳ᠋ ᠬᠦᠷᠦᠩᠭᠡ᠂ ᠹᠧᠩ ᠳ᠋ᠠ ᠪᠧᠲ᠋ᠤᠨ ᠤ ᠬᠢᠵᠠᠭᠠᠷᠲᠤ ᠺᠣᠮᠫᠠᠨᠢ ᠶᠢᠨ ᠬᠡᠷᠡᠭᠯᠡᠬᠦ ᠭᠠᠵᠠᠷ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠠᠷᠤᠳᠠᠯ᠂ ᠠᠯᠳᠠᠨ ᠡᠮᠡᠭᠡᠯ ᠦᠵᠡᠮᠵᠢ ᠶᠢᠨ ᠣᠷᠣᠨ ᠤ ᠲᠣᠭᠲᠠᠴᠠ ᠶᠢ ᠬᠤᠪᠢᠷᠠᠭᠤᠯᠬᠤ᠂ 2021 ᠣᠨ ᠤ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢᠳ ᠢ ᠬᠦᠯᠢᠶᠡᠨ ᠠᠪᠴᠤ ᠲᠥᠪᠬᠢᠨᠡᠭᠦᠯᠬᠦ ᠠᠵᠢᠯ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠳᠤᠲᠠᠭᠤ ᠲᠤᠰᠢᠶᠠᠭᠰᠠᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠬᠠᠮᠵᠢᠨ ᠬᠠᠮᠢᠶᠠᠷᠬᠤ ᠬᠥᠮᠦᠰ ᠢ ᠨᠥᠬᠦᠪᠥᠷᠢᠯᠡᠭᠰᠡᠨ ᠵᠢᠴᠢ 2022 ᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠷᠤᠳᠠᠯ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠬᠦᠯᠬᠦ ᠵᠡᠷᠭᠡ 8 ᠵᠦᠢᠯ ᠤᠨ ᠶᠠᠪᠤᠳᠠᠯ ᠢ ᠰᠤᠳᠤᠯᠪᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠡᠯ᠎ᠡ ᠵᠦᠢᠯ ᠤᠨ ᠵᠥᠪᠯᠡᠬᠦ ᠰᠡᠳᠦᠪ ᠤᠨ ᠲᠣᠭᠤᠷᠢᠨ ᠳᠤ ᠢᠳᠡᠪᠬᠢᠲᠡᠢ ᠶᠠᠷᠢᠯᠴᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠲᠤᠰ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢ ᠡᠮᠬᠢᠯᠡᠬᠦ ᠠᠰᠠᠭᠤᠳᠠᠯ ᠤᠨ ᠲᠣᠭᠤᠷᠢᠨ ᠳᠤ ᠪᠣᠳᠠᠲᠠᠢ ᠵᠢᠯᠣᠭᠤᠳᠬᠤ ᠰᠠᠨᠠᠯ ᠳᠤᠷᠠᠳᠴᠠᠢ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠬᠦᠳᠡᠭᠡ ᠲᠣᠰᠬᠤᠨ ᠤ ᠲᠥᠯᠥᠪᠵᠢᠭᠦᠯᠭᠡ ᠶᠢ ᠴᠢᠩᠭᠠᠳᠬᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠠᠭᠤᠷᠢ ᠴᠢᠨᠠᠷᠲᠠᠶ ᠠᠵᠢᠯ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠥᠳᠡᠭᠡ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠣᠨᠣᠴᠠᠲᠠᠶ ᠨᠠᠶᠢᠷᠠᠭᠤᠯᠤᠨ ᠵᠣᠬᠢᠶᠠᠵᠤ᠂ ᠪᠦᠯᠦᠭ ᠬᠤᠪᠢᠶᠠᠨ ᠠᠬᠢᠭᠤᠯᠬᠤ ᠬᠡᠷᠡᠭᠲᠡᠶ᠃ ᠨᠡᠶᠢᠭᠡᠮ ᠤᠨ ᠬᠥᠷᠥᠩᠭᠡ ᠶᠢ ᠭᠦᠢᠴᠡᠳ ᠳᠠᠶᠢᠴᠢᠯᠠᠵᠤ ᠪᠠᠶᠢᠭᠠᠳ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ᠂ ᠠᠷᠠᠳ ᠣᠯᠠᠨ ᠤ ᠬᠦᠴᠦᠨ ᠢ ᠳᠠᠶᠢᠴᠢᠯᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠬᠥᠭᠵᠢᠭᠦᠯᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠶ᠃ ︽ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠲᠥᠪᠬᠢᠨᠡᠭᠦᠯᠬᠦ ᠳᠦᠷᠢᠮ︾ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠬᠦᠯᠢᠶᠡᠨ ᠠᠪᠴᠤ ᠲᠥᠪᠬᠢᠨᠡᠭᠦᠯᠵᠦ᠂ ᠴᠢᠳᠠᠪᠤᠷᠢ ᠶᠢ ᠨᠢ ᠭᠦᠢᠴᠡᠳ ᠪᠠᠳᠠᠷᠠᠭᠤᠯᠤᠨ᠂ ᠠᠵᠢᠯ ᠣᠯᠭᠤᠬᠤ ᠶᠢ ᠨᠢ ᠪᠠᠲᠤᠯᠠᠬᠤ ᠬᠡᠷᠡᠭᠲᠡᠶ᠃ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠳᠪᠦᠷᠢ ᠵᠡᠷᠭᠡ ᠬᠠᠮᠢᠶ᠎ᠠ ᠪᠦᠬᠦᠢ ᠬᠦᠷᠢᠶᠡᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ ᠶᠢ ᠢᠳᠡᠪᠬᠢᠯᠡᠨ ᠣᠯᠵᠤ᠂ ᠠᠷᠪᠢᠯᠠᠨ ᠭᠠᠮᠨᠠᠬᠤ ᠵᠠᠷᠴᠢᠮ ᠢ ᠪᠠᠷᠢᠮᠲᠠᠯᠠᠭᠰᠠᠨ ᠤᠷᠢᠲᠠᠯ ᠳᠤᠤᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号