ᠰᠦᠨ ᠱᠤ᠋ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/22
     
   12 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤ ᠶᠢᠨ ᠳᠠᠷᠤᠭ᠎ᠠ ᠸᠠᠩ ᠯᠢ ᠳ᠋ᠦᠩ᠂ ᠬᠤᠰᠢᠭᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠡᠷ᠎ᠡ ᠳᠤᠷᠠᠳᠳᠤᠭᠰᠠᠨ ᠡᠷᠬᠢᠯᠡᠭᠴᠢ ᠶᠢᠨ ᠵᠢᠱᠢᠭᠳᠡᠭᠴᠢ ᠸᠠᠩ ᠵᠢᠶᠠ ᠪᠥᠸᠧ᠂ ᠬᠤᠰᠢᠭᠤ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠨᠡᠷ᠎ᠡ ᠳᠤᠷᠠᠳᠳᠤᠭᠰᠠᠨ ᠲᠡᠷᠢᠭᠦᠯᠡᠭᠴᠢ ᠶᠢᠨ ᠵᠢᠱᠢᠭᠳᠡᠭᠴᠢ ᠶᠤᠸᠠᠢ ᠰᠦᠩ ᠱᠠᠨ᠂ ᠬᠤᠰᠢᠭᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠭᠠᠩ ᠵᠢᠴᠢ ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠬᠡᠷ ᠲᠡᠭᠡᠨ ᠪᠠᠶᠢᠭ᠎ᠠ ᠤᠳᠤᠷᠢᠳᠤᠯᠭ᠎ᠠ ᠤᠳ ᠬᠤᠷᠠᠯ ᠳᠤ ᠣᠷᠣᠯᠴᠠᠪᠠ᠃     ᠬᠤᠷᠠᠯ ᠠᠴᠠ ︽ᠶᠡᠷᠦᠩᠬᠡᠶ ᠱᠦᠵᠢ ᠰᠢ ᠶᠢᠨ ᠫᠢᠩ ᠤᠨ 2021 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠬᠠᠮᠢᠶ᠎ᠠ ᠪᠥᠬᠦᠶ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ︾ ᠶᠢ ᠤᠯᠠᠮᠵᠢᠯᠠᠨ ᠰᠤᠷᠤᠯᠴᠠᠪᠠ᠃    ᠬᠤᠷᠠᠯ ᠳᠡᠭᠡᠷ᠎ᠡ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠯᠲᠡ ᠬᠢᠵᠦ ᠪᠠᠶᠢᠴᠠᠭᠠᠯᠲᠠ ᠶᠢ ᠤᠭᠲᠤᠬᠤ ᠠᠵᠢᠯ ᠳᠤ ᠴᠢᠭᠯᠡᠭᠦᠯᠦᠨ᠂ ᠰᠦᠨ ᠱᠤ᠋ ᠲᠤᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠯᠢᠶᠡᠬᠦ ᠦᠭᠡᠢ᠂ ᠲᠦᠰᠢᠭᠯᠡᠬᠦ ᠦᠭᠡᠢ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠵᠤ᠂ ᠪᠦᠬᠦ ᠲᠠᠯ᠎ᠠ ᠶᠢ ᠠᠳᠬᠤᠵᠤ᠂ ᠴᠠᠭ ᠲᠤᠬᠠᠢ ᠳᠤᠨᠢ ᠠᠶᠢᠯ ᠲᠣᠰᠬᠤᠨ ᠳᠤ ᠭᠦᠨᠵᠡᠭᠡᠶᠢᠷᠡᠨ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠠᠵᠢᠯ ᠢᠶᠠᠨ ᠬᠡᠮᠵᠢᠶᠡᠵᠢᠭᠦᠯᠵᠦ᠂ ᠨᠠᠷᠢᠯᠢᠬᠵᠢᠭᠤᠯᠵᠥ᠂ ᠪᠣᠳᠠᠲᠠᠶᠢᠵᠢᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠢᠭᠡᠳᠦᠯᠲᠡᠢ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠰᠠᠶᠢᠲᠤᠷ ᠬᠠᠮᠵᠢᠯᠴᠠᠵᠤ᠂ ᠰᠠᠶᠢᠲᠤᠷ ᠵᠣᠯᠭᠠᠭᠤᠯᠵᠤ᠂ ᠪᠦᠬᠦ ᠲᠠᠯ᠎ᠠ ᠪᠠᠷ ᠠᠬᠢᠭᠤᠯᠤᠭᠰᠠᠨ ᠤ ᠳᠠᠷᠠᠭᠠᠬᠢ ᠦᠨᠡᠯᠡᠯᠲᠡ ᠬᠢᠵᠦ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠤᠶᠠᠳᠤᠭᠠᠷ ᠡᠭᠡᠯᠵᠢ ᠶᠢᠨ ᠡᠷᠦᠬᠡ ᠳᠤ ᠣᠷᠣᠬᠤ ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠠᠬᠢᠭᠤᠯᠵᠤ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠮᠡᠳᠡᠬᠦ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠰᠢᠯᠭᠠᠨ ᠬᠢᠨᠠᠬᠤ ᠪᠠᠷᠢᠮᠵᠢᠶ᠎ᠠ ᠲᠠᠢ ᠴᠢᠩᠭ᠎ᠠ ᠬᠠᠷᠭᠤᠭᠤᠯᠵᠤ ᠲᠠᠩᠰᠠ ᠡᠪᠬᠡᠮᠡᠯ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠶ᠃ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠭᠢ ᠶᠢᠨ ᠬᠢᠨ ᠪᠡᠯᠡᠳᠬᠡᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠲᠠᠢ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠠᠭ ᠲᠤᠬᠠᠶ ᠳᠤᠨᠢ ᠡᠷᠦᠬᠡ ᠳᠤ ᠬᠦᠷᠴᠦ ᠰᠢᠭᠰᠢᠨ ᠪᠠᠶᠢᠴᠠᠭᠠᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠵᠦ᠂ ᠬᠤᠶᠢᠰᠢᠳᠠ ᠶᠢᠨ ᠦᠨᠡᠯᠡᠨ ᠵᠢᠱᠢᠵᠦ ᠪᠠᠶᠢᠴᠠᠭᠠᠯᠲᠠ ᠶᠢ ᠤᠭᠲᠤᠬᠤ ᠠᠵᠢᠯ ᠤᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠶ᠃     ᠬᠤᠷᠠᠯ ᠳᠡᠭᠡᠷ᠎ᠡ᠂ ᠸᠠᠩ ᠯᠢ ᠳ᠋ᠦᠩ᠂ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠦᠶ᠎ᠡ ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠠᠵᠢᠯ ᠢᠶᠠᠨ ᠠᠬᠢᠭᠤᠯᠤᠨ ᠴᠢᠳᠠᠪᠤᠷᠢ ᠪᠠᠨ ᠳᠡᠭᠡᠭᠰᠢᠯᠡᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠬᠢᠨᠠᠨ ᠬᠠᠮᠢᠶᠠᠷᠬᠤ᠂ ᠪᠠᠯᠠ ᠮᠥᠩᠭᠦ ᠶᠢ ᠰᠢᠯᠵᠢᠭᠦᠯᠦᠨ ᠥᠭᠬᠦ ᠶᠢ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠲᠠᠢ ᠤᠶᠠᠯᠳᠤᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠠᠵᠤ ᠦᠶ᠋ᠯᠡᠰ ᠢ ᠴᠠᠭ ᠢᠮᠠᠭᠲᠠ ᠠᠩᠬᠠᠷᠴᠤ᠂ ᠠᠮᠠᠷᠬᠠᠨ ᠳᠠᠬᠢᠨ ᠶᠠᠳᠠᠭᠤᠷᠠᠬᠤ ᠬᠥᠮᠦᠰ ᠤᠨ ᠪᠠᠶᠢᠳᠠᠯ ᠢ ᠡᠵᠡᠮᠰᠢᠵᠦ᠂ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ᠂ ᠬᠥᠳᠡᠯᠦᠯ ᠪᠠᠶᠢᠳᠠᠯ ᠣᠨᠣᠪᠴᠢᠲᠠᠶ ᠪᠠᠶᠢᠬᠤ ᠬᠡᠷᠡᠭᠲᠡᠶ᠃ ᠸᠠᠩ ᠯᠢ ᠳ᠋ᠦᠩ ᠪᠠᠰᠠ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠵᠢᠴᠢ ᠬᠤᠣᠰ ᠪᠠᠶᠠᠷ ᠤᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠦᠨᠡᠯᠡᠨ ᠪᠠᠶᠢᠷᠢᠯᠠᠭᠤᠯᠪᠠ᠃ ᠬᠤᠷᠠᠯ ᠳᠡᠭᠡᠷ᠎ᠡ᠂ ᠯᠢᠦ ᠭᠠᠩ ᠣᠳᠣᠬᠠᠨ ᠤ ᠦᠨᠡᠯᠡᠯᠲᠡ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠠ᠃        ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠤᠰᠬᠠᠢ ᠱᠠᠯᠠᠪᠳᠠᠭᠤᠯᠤᠨ ᠵᠢᠯᠣᠭᠤᠳᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠤᠯᠠᠮᠵᠢᠯᠠᠨ ᠲᠠᠶᠢᠯᠪᠤᠷᠢᠯᠠᠬᠤ ᠶᠢᠨ ᠬᠠᠮᠲᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号