ᠸᠠᠩ ᠯᠢ ᠳ᠋ᠦᠩ ᠬᠤᠷᠴᠢᠨ ᠪᠠᠯᠭᠠᠰᠤᠨ ᠤ ᠶᠤᠸᠠᠨ ᠭᠤᠸᠠᠩ ᠲᠣᠰᠬᠤᠨ ᠳᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/12/24
     
   12 ᠰᠠᠷ᠎ᠠ ᠶᠢᠨ 22 ᠤᠨ ᠡᠳᠦᠷ᠂ ᠬᠤᠰᠢᠭᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠸᠠᠩ ᠯᠢ ᠳ᠋ᠦᠩ ᠬᠤᠷᠴᠢᠨ ᠪᠠᠯᠭᠠᠰᠤᠨ ᠤ ᠶᠤᠸᠠᠨ ᠭᠤᠸᠠᠩ ᠲᠣᠰᠬᠤᠨ ᠳᠤ ᠭᠦᠨᠵᠡᠭᠡᠶᠢᠷᠡᠵᠦ᠂ ᠡᠩ ᠤᠨ ᠦᠨ᠎ᠡ ᠶᠢᠨ ᠨᠡᠭᠦᠷᠡᠰᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠷᠠᠭᠠᠬᠢ ᠦᠨᠡᠯᠡᠨ ᠵᠢᠱᠢᠯᠲᠡ᠂ ᠨᠠᠮ ᠤᠨ ᠲᠥᠪ ᠬᠤᠷᠢᠶᠠᠨ ᠤ ᠠᠯᠪᠠᠨ ᠬᠡᠷ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠤᠴᠢᠷ ᠶᠠᠪᠤᠳᠠᠯ ᠤᠨ ᠲᠤᠬᠠᠶ᠂ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠠ᠃ ᠶᠤᠸᠠᠨ ᠭᠤᠸᠠᠩ ᠲᠣᠰᠬᠤᠨ ᠤ ᠵᠥᠪᠯᠡᠯ ᠳᠤ᠂ ᠸᠠᠩ ᠯᠢ ᠳ᠋ᠦᠩ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠲᠣᠰᠬᠤᠨ ᠳᠤ ᠰᠠᠭᠤᠭ᠎ᠠ ᠺᠠᠳ᠋ᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠸᠠᠩ ᠯᠢ ᠳ᠋ᠦᠩ ᠡᠩ ᠤᠨ ᠦᠨᠡᠲᠦ ᠨᠡᠭᠦᠷᠡᠰᠦ ᠶᠢ ᠰᠢᠯᠵᠢᠭᠦᠯᠦᠨ ᠲᠡᠭᠡᠭᠡᠪᠦᠷᠢᠯᠡᠬᠦ᠂ ᠦᠨ᠎ᠡ ᠬᠠᠩᠰᠢ᠂ ᠶᠠᠰᠤ ᠴᠢᠨᠠᠷ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠨᠢᠭᠡᠳ ᠨᠢᠭᠡ ᠪᠠᠷ ᠨᠠᠶᠢᠳᠠᠪᠤᠷᠢᠵᠢᠭᠤᠯᠤᠭᠰᠠᠨ ᠡᠰᠡᠬᠦ᠂ ᠨᠠᠷᠢᠨ ᠨᠢᠭᠲᠠ ᠡᠮᠬᠢ ᠵᠢᠷᠤᠮ ᠲᠠᠢ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠡᠰᠡᠬᠦ ᠶᠢ ᠨᠠᠷᠢᠨ ᠠᠰᠠᠭᠤᠭᠰᠠᠨ ᠪᠥᠭᠡᠳ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠲᠤᠰᠬᠠᠭᠰᠠᠨ ᠪᠠᠶᠢᠳᠠᠯ ᠤᠨ ᠲᠤᠬᠠᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠶᠠᠷᠢᠯᠴᠠᠬᠤ ᠬᠤᠷᠠᠯ ᠳᠡᠭᠡᠷ᠎ᠡ᠂ ᠶᠤᠸᠠᠨ ᠭᠤᠸᠠᠩ ᠲᠣᠰᠬᠤᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠠᠯᠬᠢᠨ ᠬᠦᠴᠦᠨ ᠤ ᠴᠠᠬᠢᠯᠭᠠᠨ ᠤ ᠡᠬᠢ ᠪᠠᠶᠠᠯᠢᠭ ᠢ ᠬᠡᠷᠬᠢᠨ ᠪᠠᠳᠠᠷᠠᠭᠤᠯᠬᠤ ᠲᠤᠬᠠᠶ ᠰᠠᠨᠠᠯ ᠢᠶᠠᠨ ᠰᠣᠯᠢᠯᠴᠠᠪᠠ᠃ ᠸᠠᠩ ᠯᠢ ᠳ᠋ᠦᠩ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠣᠯᠠᠨ ᠤ ᠬᠠᠯᠠᠭᠤᠨ ᠬᠦᠢᠳᠡᠨ ᠳᠤ ᠬᠤᠯᠪᠣᠭᠳᠠᠵᠤ ᠪᠠᠶᠢᠳᠠᠭ᠂ ᠡᠨᠡ ᠪᠣᠯ ᠣᠳᠣᠬᠠᠨ ᠳᠤ ᠮᠠᠨ ᠤ ᠬᠤᠰᠢᠭᠤᠨ ᠤ ᠡᠩ ᠲᠡᠷᠢᠭᠦᠨ ᠳᠤ ᠰᠠᠶᠢᠲᠤᠷ ᠬᠢᠬᠦ ᠴᠢᠬᠤᠯᠠᠲᠠᠢ ᠠᠷᠠᠳ ᠤᠨ ᠠᠮᠢᠳᠤᠷᠠᠯ ᠤᠨ ᠠᠵᠢᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠢᠶᠠᠨ ᠰᠠᠶᠢᠲᠤᠷ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠡᠩ ᠤᠨ ᠦᠨ᠎ᠡ ᠶᠢᠨ ᠨᠡᠭᠦᠷᠡᠰᠦ ᠶᠢ ᠦᠨᠡᠨ ᠬᠦ ︽ᠰᠡᠳᠬᠢᠯ ᠢ ᠳᠤᠯᠠᠭᠠᠯᠠᠬᠤ ᠨᠡᠭᠦᠷᠡᠰᠦ︾ ᠪᠣᠯᠭᠠᠬᠤ ᠬᠡᠷᠡᠭᠲᠡᠶ᠃    ᠶᠠᠷᠢᠯᠴᠠᠬᠤ ᠬᠤᠷᠠᠯ ᠳᠡᠭᠡᠷ᠎ᠡ᠂ ᠸᠠᠩ ᠯᠢ ᠳ᠋ᠦᠩ ᠶᠤᠸᠠᠨ ᠭᠤᠸᠠᠩ ᠲᠣᠰᠬᠤᠨ ᠤ ᠲᠣᠰᠬᠤᠨ ᠳᠤ ᠰᠠᠭᠤᠬᠤ ᠠᠵᠢᠯ᠂ ᠬᠤᠶᠢᠨᠠᠬᠢ ᠦᠨᠡᠯᠡᠯᠲᠡ ᠶᠢᠨ ᠠᠵᠢᠯ ᠢ ᠠᠬᠢᠭᠤᠯᠬᠤ ᠶᠠᠪᠤᠳᠠᠯ ᠢ ᠨᠠᠷᠢᠨ ᠣᠶᠢᠯᠠᠭᠠᠪᠠ᠃ ᠸᠠᠩ ᠯᠢ ᠳ᠋ᠦᠩ᠂ ᠠᠷᠠᠳ ᠲᠦᠮᠡᠨ ᠪᠣᠯ ᠲᠦᠷᠦ ᠬᠦᠷᠦᠨ ᠮᠥᠨ᠂ ᠲᠦᠷᠦ ᠭᠦᠷᠦᠨ ᠪᠣᠯ ᠠᠷᠠᠳ ᠲᠦᠮᠡᠨ ᠮᠥᠨ᠂ ᠲᠣᠰᠬᠤᠨ ᠳᠤ ᠰᠠᠭᠤᠭ᠎ᠠ ᠡᠯ᠎ᠡ ᠺᠠᠳ᠋ᠷ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠵᠦᠢᠯ ᠳᠠᠷᠠᠭᠠᠯᠠᠨ ᠬᠠᠷᠢᠴᠠᠭᠤᠯᠤᠭᠰᠠᠨ ᠤ ᠳᠠᠷᠠᠭᠠᠬᠢ ᠦᠨᠡᠯᠡᠯᠲᠡ ᠶᠢᠨ ᠭᠤᠣᠯᠳᠠᠯᠭ᠎ᠠ ᠲᠠᠢ ᠠᠭᠤᠯᠭ᠎ᠠ ᠪᠠᠷ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠵᠢᠯ ᠤᠨ ᠡᠬᠡ ᠲᠠᠩᠰᠠ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ  ᠬᠡᠮᠵᠢᠶ᠎ᠡ ᠶᠢ ᠨᠠᠷᠢᠯᠢᠬᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠥᠷᠭᠡᠳᠬᠡᠬᠦ ᠬᠡᠷᠡᠭᠲᠡᠢ᠃    ᠸᠠᠩ ᠯᠢ ᠳ᠋ᠦᠩ ᠪᠠᠰᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠪᠤᠳᠠᠯ ᠢ ᠱᠠᠯᠠᠪᠳᠠᠭᠤᠯᠤᠨ ᠪᠠᠶᠢᠴᠠᠭᠠᠵᠤ ᠣᠶᠢᠯᠠᠭᠠᠬᠤ ᠶᠢᠨ ᠬᠠᠮᠲᠤ ᠪᠣᠳᠠᠲᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号