ᠬᠤᠰᠢᠭᠤᠨ ᠤ ᠵᠠᠰᠠᠭ ᠤᠨ ᠣᠷᠳᠣᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠥᠷᠢ ᠥᠭᠴᠡᠭᠡ ᠶᠢ ᠠᠷᠢᠯᠭᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/24
   
  ᠣᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠡᠳ᠋ ᠬᠥᠷᠥᠩᠭᠡ ᠶᠢᠨ ᠡᠬᠢ ᠪᠠᠶᠠᠯᠢᠭ ᠢ ᠲᠠᠰᠤᠷᠠᠯᠲᠠ ᠥᠬᠡᠶ ᠡᠮᠬᠢᠯᠡᠨ ᠨᠡᠶᠢᠯᠡᠭᠦᠯᠵᠦ ᠠᠮᠢᠳᠤᠯᠢᠭ ᠪᠣᠯᠭᠠᠨ᠂ ᠥᠷᠢ ᠥᠭᠴᠡᠭᠡ ᠶᠢᠨ ᠢᠷᠡᠯᠲᠡ ᠶᠢᠨ ᠨᠡᠮᠡᠭᠳᠡᠯ ᠢ ᠬᠤᠷᠢᠭᠯᠠᠵᠤ᠂ ᠵᠠᠰᠠᠭ ᠠᠵᠤ ᠠᠬᠤᠶᠢᠯᠠᠯ ᠪᠠᠩᠬᠢ ᠭᠤᠷᠪᠠᠨ ᠲᠠᠯ᠎ᠠ ᠪᠠᠷ ᠵᠡᠷᠭᠡ ᠪᠠᠷ ᠬᠦᠴᠦᠯᠡᠬᠦ ᠪᠠᠷ ᠳᠡᠮᠵᠢᠨ᠂ ᠲᠦᠭᠵᠢᠷᠡᠯ ᠢ ᠠᠷᠢᠯᠭᠠᠨ ᠬᠦᠴᠢᠷᠳᠡᠯ ᠢ ᠰᠢᠢᠳᠪᠦᠷᠢᠯᠡᠵᠤ᠂ ᠥᠷᠢ ᠥᠭᠴᠡᠭᠡ ᠶᠢ ᠠᠷᠢᠯᠭᠠᠬᠤ ᠠᠵᠢᠯ ᠪᠣᠯᠤᠨ ᠡᠯ᠎ᠡ ᠵᠦᠢᠯ ᠤᠨ ᠠᠵᠢᠯ ᠢ ᠵᠡᠷᠭᠡ ᠪᠠᠷ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠪᠠ᠃    12 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠥᠷᠢ ᠥᠭᠴᠡᠭᠡ ᠶᠢ ᠠᠷᠢᠯᠭᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ᠂ ᠳ᠋ᠠᠯᠢᠶᠠᠨ ᠤ ᠵᠥᠩ ᠲᠢᠶᠠᠨ ᠲᠥᠷᠥᠯ  ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠬᠡᠷ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠬᠢᠩᠭᠠᠨ ᠠᠶᠢᠮᠠᠭ ᠤᠨ ᠬᠤᠪᠢᠶᠠᠷᠢ ᠪᠠᠩᠬᠢ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠯᠪᠤᠷᠢ ᠪᠠᠩᠬᠢ ᠶᠢᠨ ᠬᠠᠷᠢᠭᠤᠴᠠᠯᠭᠠᠲᠠᠨ ᠨᠠᠷ ᠨᠢᠭᠡ ᠲᠠᠩᠬᠢᠮ ᠳᠤ ᠴᠤᠭᠯᠠᠷᠠᠵᠤ᠂ ᠦᠯᠡᠳᠡᠭᠡᠯ ᠬᠥᠷᠥᠩᠭᠡ ᠶᠢ ᠠᠮᠢᠳᠤᠯᠢᠭ ᠪᠣᠯᠭᠠᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠠᠷ ᠭᠤᠤᠯ ᠰᠢᠵᠢᠮ ᠪᠣᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠣᠬᠢᠷ ᠤᠰᠤ ᠰᠢᠢᠳᠪᠦᠷᠢᠯᠡᠵᠤ ᠡᠵᠡᠩᠨᠡᠬᠦ ᠲᠥᠷᠥᠯ ᠵᠦᠢᠯ᠂ ᠨᠢᠭᠡ ᠠᠶᠠᠭ᠎ᠠ ᠤᠰᠤᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠴᠢᠭᠯᠡᠭᠦᠯᠦᠨ ᠬᠠᠮᠲᠤᠪᠠᠷ ᠵᠦᠪᠳᠡᠯᠴᠡᠵᠡᠢ᠃ ᠵᠠᠰᠠᠭ ᠠᠵᠤ ᠠᠬᠤᠶᠢᠯᠠᠯ ᠪᠠᠩᠬᠢ ᠭᠤᠷᠪᠠᠨ ᠲᠠᠯ᠎ᠠ ᠶᠢᠨ ᠬᠢᠨ ᠡᠨᠡ ᠬᠤᠶᠠᠷ ᠲᠥᠷᠥᠯ ᠵᠦᠢᠯ ᠤᠨ ᠲᠦᠢᠮᠣ ᠪᠠᠶᠢᠳᠠᠯ᠂ ᠲᠥᠰᠦᠯ ᠲᠥᠰᠦᠪᠯᠡᠬᠦ᠂ ᠪᠠᠯᠠ ᠮᠥᠩᠭᠦ ᠴᠤᠭᠯᠠᠭᠤᠯᠬᠤ ᠠᠷᠭ᠎ᠠ ᠬᠡᠯᠪᠡᠷᠢ᠂ ᠬᠡᠷᠡᠭᠵᠢᠭᠦᠯᠬᠦ ᠭᠤᠤᠯ ᠶᠠᠪᠤᠴᠠ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠣᠯᠠᠨ ᠢᠶᠠᠷ ᠢᠶᠠᠨ ᠲᠣᠰ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠥᠪᠡᠷ ᠥᠪᠡᠷ ᠤᠨ ᠦᠵᠡᠯᠲᠡ ᠪᠠᠨ ᠶᠠᠷᠢᠵᠤ᠂ ᠰᠠᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠵᠥᠪᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠭᠡᠷᠡᠴᠢᠯᠡᠯᠲᠡ ᠶᠢ ᠠᠬᠢᠭᠤᠯᠬᠤ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠥᠷᠢ ᠥᠭᠴᠡᠭᠡ ᠶᠢᠨ ᠳᠠᠷᠤᠯᠲᠠ ᠶᠢ ᠬᠥᠩᠭᠡᠷᠡᠭᠦᠯᠬᠦ ᠶᠢ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠬᠦᠴᠦᠲᠡᠶ ᠭᠠᠷᠳᠠᠴᠠ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠲᠣᠰ ᠭᠠᠵᠠᠷ ᠤᠨ ᠪᠣᠳᠠᠲᠠᠶ ᠲᠠᠢ ᠤᠶᠠᠯᠳᠤᠭᠤᠯᠤᠨ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号